ᠤᠷᠮ᠎ᠠ ᠬᠦᠪᠴᠢᠯᠡᠭᠰᠡᠨ  ︽ᠨᠠᠷᠠ ᠰᠠᠷᠠ ᠲᠠᠢ ᠠᠮᠤᠷ ᠪᠠᠶᠠᠰᠬᠤᠯᠠᠩ ︾  ᠤᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2025/1/13
      12 ᠰᠠᠷ᠎ᠠ ᠶᠢᠨ16 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ︽ᠨᠠᠷᠠ ᠰᠠᠷᠠ ᠲᠠᠢ ᠠᠮᠤᠷ ᠪᠠᠶᠠᠰᠬᠤᠯᠠᠩ︾   ᠤᠨ ᠣᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠦᠬᠦ ᠠᠶᠢᠮᠠᠭ ᠤᠨ ᠬᠡᠪᠴᠢᠶᠡᠨ ᠳᠤ ᠶᠠᠪᠤᠭᠳᠠᠵᠠᠢ᠃      ᠲᠤᠰ ᠤᠳᠠᠭᠠᠨ ᠤ ᠤᠷᠤᠯᠳᠤᠭᠠᠨ ᠳᠤ ᠵᠢᠷᠠᠭᠠᠳ ᠬᠦᠮᠦᠨ ᠤᠷᠤᠯᠴᠠᠵᠤ᠂ ᠳᠡᠭᠡᠷ᠎ᠡ16 ᠨᠡᠷᠡᠰ ᠢ ᠱᠠᠩᠨᠠᠨ ᠬᠦᠭᠢᠬᠦᠯᠵᠦ᠂  ︽ᠨᠠᠷᠠ ᠰᠠᠷᠠ ᠲᠠᠢ ᠠᠮᠤᠷ ᠪᠠᠶᠠᠰᠬᠤᠯᠠᠩ ︾ ᠤᠨ ᠨᠠᠭᠠᠳᠤᠮ ᠳᠤ ᠵᠢᠳᠬᠦᠯ ᠦᠵᠡᠭᠦᠯᠦᠭᠰᠡᠨ ᠬᠤᠲᠠᠯᠠᠲᠡᠭᠦᠰ ᠪᠣᠯᠣᠨ ᠴᠤᠭᠪᠠᠲᠤ ᠬᠤᠶᠠᠷ ᠨᠦᠬᠦᠷ ᠲᠤ ᠬᠦᠨᠳᠦᠳᠬᠡᠯ ᠳᠡᠪᠰᠢᠭᠦᠯᠦᠨ ᠬᠦᠬᠢᠭᠦᠯᠦᠨ ᠱᠠᠩᠨᠠᠵᠤ᠂ ᠪᠤᠰᠤᠳ ᠤᠷᠤᠯᠴᠠᠭᠴᠢᠳ ᠲᠤ ᠤᠷᠮ᠎ᠠ ᠶᠢᠨ ᠱᠠᠩᠨᠠᠯ ᠥᠭᠴᠡᠢ᠃ ᠡᠭᠦᠨ ᠳᠤ᠂ ᠵᠡᠭᠦᠨ ᠦᠵᠦᠮᠦᠴᠢᠨ ᠬᠤᠰᠢᠭᠤᠨ ᠤ ᠬᠦᠷᠢᠶᠡᠲᠤᠨᠠᠭᠤᠷ ᠰᠤᠮᠤᠨ ᠤ ᠬᠠᠰᠴᠢᠮᠡᠭ ᠲᠠᠷᠢᠭᠦᠯᠡᠨ᠂ ᠬᠠᠲᠠᠪᠴᠢ ᠪᠠᠯᠭᠠᠰᠤᠨ ᠤ ᠡᠷᠳᠡᠨᠢᠪᠢᠯᠢᠭ ᠳᠡᠳ᠋ᠯᠡᠵᠦ᠂ ᠠᠯᠲᠠᠨᠬᠢᠯᠢ ᠰᠤᠮᠤᠨ ᠤ ᠳᠠᠪᠠᠭ᠋ᠠᠢ ᠭᠤᠳᠠᠭᠠᠷᠯᠠᠨ᠂ ᠰᠠᠮᠠᠢ ᠰᠤᠮᠤᠨ ᠤ ᠬᠤᠪᠢᠰᠬᠠᠯᠲᠤ ᠳᠦᠷᠪᠡ ᠳᠤ ᠲᠤᠳᠤᠷᠠᠭᠰᠠᠨ ᠪᠠᠶᠢᠨ᠎ᠠ᠃      ᠲᠤᠰ ᠤᠷᠤᠯᠳᠤᠭᠠᠨ ᠨᠢ ᠦᠨᠢ ᠤᠳᠠᠭᠠᠨ ᠤ ᠦᠪ ᠰᠤᠶᠤᠯ ᠢᠶᠠᠨ ᠠᠴᠢᠶᠠᠯᠠᠭᠰᠠᠨ ᠤᠯᠠᠮᠵᠢᠯᠠᠯᠲᠤ ᠲᠤᠭᠯᠠᠭᠠᠮ ᠪᠣᠯᠬᠤ ︽ᠨᠠᠷᠠ ᠰᠠᠷᠠ ᠲᠠᠢ ᠠᠮᠤᠷ ᠪᠠᠶᠠᠰᠬᠤᠯᠠᠩ︾ ᠤᠨ ᠲᠣᠭᠯᠠᠬᠤ ᠠᠷᠭ᠎ᠠ ᠪᠣᠯᠣᠨ ᠰᠤᠶᠤᠯ ᠤᠨ ᠠᠭᠤᠯᠬᠤᠨ ᠢ ᠨᠡᠩ ᠣᠯᠠᠨ ᠬᠦᠮᠦᠨ ᠳᠤ ᠲᠠᠨᠢᠵᠤ ᠮᠡᠳᠡᠷᠡᠭᠦᠯᠦᠨ᠂ ︽ᠨᠠᠷᠠ ᠰᠠᠷᠠ ᠲᠠᠢ ᠠᠮᠤᠷ ᠪᠠᠶᠠᠰᠬᠤᠯᠠᠩ︾  ᠤᠨ ᠨᠠᠭᠠᠳᠤᠮᠴᠢᠨ ᠪᠠᠭ᠋ᠠᠲᠠᠳ ᠲᠤ ᠦᠪᠡᠷ  ᠤᠨ ᠤᠷ᠎ᠠ ᠤᠬᠠᠭᠠᠨ ᠢᠶᠠᠨ ᠰᠣᠷᠢᠬᠤ ᠲᠠᠪᠴᠠᠩ ᠬᠠᠩᠭᠠᠵᠤ᠂ ᠣᠯᠠᠨ ᠲᠦᠮᠡᠨ ᠤ ᠰᠤᠶᠤᠯ ᠤᠨ ᠠᠮᠢᠳᠤᠷᠠᠯ ᠢ ᠨᠡᠩ ᠢᠯᠡᠭᠦᠦ  ᠪᠠᠶᠠᠯᠢᠭᠵᠢᠭᠤᠯᠵᠤ᠂  ᠨᠠᠭᠠᠲᠤᠮᠴᠢᠨ ᠣᠯᠠᠨ ᠤ ᠪᠠᠨ ᠤᠷᠮ᠎ᠠ ᠶᠢ ᠬᠦᠪᠴᠢᠯᠡᠭᠰᠡᠨ ᠤᠴᠢᠷᠲᠠᠢ ᠠᠵᠢᠯᠯᠠᠭ᠎ᠠ ᠪᠣᠯᠣᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号