ᠮᠠᠨ ᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠶᠮᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/13
      12 ᠰᠠᠷ᠎ᠠ ᠶᠢᠨ 17 ᠤ ᠡᠳᠦᠷ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠴᠠᠩ ᠱᠧᠩ ᠨᠥᠬᠦᠷ ᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠵᠢᠱᠢᠭᠲᠡᠭᠴᠢ ᠪᠠᠷ ᠲᠣᠮᠢᠯᠠᠬᠤ ᠪᠠᠷ ᠲᠣᠭᠲᠠᠪᠠ  ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠢ ᠡᠷᠭᠢᠯᠡᠪᠡ᠃      ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠵᠢᠴᠢ ᠴᠡᠭᠴᠡᠯᠡᠨ ᠰᠠᠶᠢᠵᠢᠷᠠᠭᠤᠯᠤᠭᠰᠠᠨ  ᠪᠠᠶᠢᠳᠠᠯ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠵᠡᠷᠭᠡ ᠲᠠᠪᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃      ᠬᠤᠷᠠᠯ ᠠᠴᠠ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤᠮᠳᠠᠬᠢ ᠴᠢᠬᠤᠯᠠ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠤᠯᠢ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ  ᠢ ᠰᠡᠷᠭᠦᠭᠡᠬᠦ ᠲᠦᠷᠢᠮ 》ᠵᠡᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ《 ᠲᠠᠪᠤᠨ ᠶᠡᠭᠡ ᠡᠭᠦᠷᠭᠡ 》 ᠶᠢ ᠰᠠᠶᠢᠲᠤᠷ ᠪᠡᠶᠡᠯᠡᠭᠦᠯᠬᠦ ᠴᠢᠬᠤᠯᠠ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠬᠢᠯᠢ ᠬᠢᠵᠠᠭᠠᠷ ᠣᠷᠣᠨ ᠤ ᠣᠨᠴᠠᠯᠢᠭ ᠪᠣᠯᠤᠨ ᠳᠠᠪᠠᠭᠤᠯᠢᠭ ᠲᠠᠭᠠᠨ ᠰᠠᠭᠤᠷᠢᠯᠠᠨ᠂ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠵᠡᠭᠦᠨ ᠦᠵᠦᠮᠦᠴᠢᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号