2024 ᠣᠨ ᠤ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ  ᠲᠣᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/13
      12 ᠰᠠᠷ᠎ᠠ ᠶᠢᠨ 17 ᠤ ᠦᠳᠡ ᠶᠢᠨ ᠬᠤᠶᠢᠨ᠎ᠠ᠂ ᠵᠡᠭᠦᠨ ᠦᠵᠦᠮᠦᠴᠢᠨ ᠬᠤᠰᠢᠭᠤ 2024 ᠣᠨ ᠤ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠣᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠠᠢ᠃      ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠧᠦ ᠢᠦ᠋ᠶ ᠯᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ  ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ《ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠴᠢᠩᠭᠠᠳᠬᠠᠬᠤ ᠲᠤᠬᠠᠶ ᠰᠠᠨᠠᠯ 》ᠪᠣᠯᠤᠨ ᠠᠶᠢᠮᠠᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠦᠷᠢᠶᠠᠲᠤᠨᠠᠭᠤᠷ ᠰᠤᠮᠤ᠂ ᠰᠠᠮᠢ ᠰᠤᠮᠤ ᠰᠤᠮᠤᠨ ᠤ ᠨᠠᠮ ᠤᠨ ᠬᠤᠷᠢᠶᠠᠨ ᠤ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠴᠤ ᠪᠠᠶᠢᠭ᠎ᠠ ᠠᠵᠢᠯ ᠤᠨ ᠮᠡᠳᠡᠭᠦᠯᠦᠯᠲᠡ ᠶᠢ ᠰᠤᠨᠤᠰᠴᠦ᠂ ᠪᠤᠰᠤᠳ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠶᠢ ᠬᠦᠯᠢᠶᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ 2024 ᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠳ᠋ᠦᠩᠨᠡᠨ ᠦᠨᠡᠯᠡᠵᠦ᠂ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ 2024 ᠣᠨ ᠳᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠰᠠᠭᠤᠭ᠎ᠠ ᠴᠡᠷᠢᠭ ᠠᠩᠭᠢ  ᠴᠡᠷᠢᠭ ᠤᠨ ᠶᠠᠪᠤᠳᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠶᠯᠡᠴᠢᠯᠡᠵᠦ᠂ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠨ ᠳᠡᠮᠵᠢᠵᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠦᠴᠦᠨ ᠨᠡᠮᠡᠷᠢᠯᠡᠪᠡ᠃      ᠬᠤᠷᠠᠯ ᠠᠴᠠ᠂ ᠰᠢᠨ᠎ᠡ ᠴᠠᠭ ᠦᠶ᠎ᠡ ᠳᠤ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ ᠶᠢ ᠴᠢᠩᠭᠠᠳᠬᠠᠬᠤ ᠬᠦᠨᠳᠦ ᠡᠭᠦᠷᠭᠡ ᠢᠷᠠᠭᠤ ᠠᠯᠳᠠᠷᠲᠠᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠴᠡᠷᠢᠭ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠠᠷᠭ᠎ᠠ ᠵᠠᠮ  ᠢ ᠢᠳᠡᠪᠬᠢᠲᠡᠶ ᠰᠦᠪᠡᠭᠴᠢᠯᠡᠵᠦ᠂ ᠪᠥᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠡᠬᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂  ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠴᠢ ᠡᠯ᠎ᠡ ᠬᠠᠮᠢᠶ᠎ᠠ ᠪᠦᠬᠦᠢ ᠨᠢᠭᠡᠴᠢ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号