ᠬᠦᠷᠢᠶᠡᠳᠦᠨᠠᠭᠤᠷ ᠰᠣᠮᠣ ᠨᠢ ︽ᠭᠠᠬᠢᠯ ᠰᠤᠮᠤᠨ ᠤ ᠡᠷᠢᠶᠡᠨᠪᠤᠯᠠᠭ ᠭᠠᠴᠠᠭᠠᠨ ᠤ ᠴᠡᠪᠡᠷ ᠡᠭᠦᠯᠳᠡᠷ ᠤᠨ ᠠᠩᠭᠢᠰ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠥᠷᠥᠯ ᠵᠦᠢᠯ︾ ᠤᠨ ᠠᠰᠢᠭ ᠬᠤᠪᠢᠶᠠᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/1/13
       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠤᠨ ᠲᠥᠷᠥᠯ ᠵᠦᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠬᠦᠷᠢᠶᠡᠳᠦᠨᠠᠭᠤᠷ ᠰᠤᠮᠤ 2024 ᠣᠨ ᠤ ︽ᠭᠠᠬᠢᠯ ᠰᠤᠮᠤᠨ ᠤ ᠡᠷᠢᠶᠡᠨᠪᠤᠯᠠᠭ ᠭᠠᠴᠠᠭᠠᠨ ᠤ ᠴᠡᠪᠡᠷ ᠡᠭᠦᠯᠳᠡᠷ ᠤᠨ ᠠᠩᠭᠢᠰ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠥᠷᠥᠯ ᠵᠦᠢᠯ︾ ᠤᠨ ᠠᠰᠢᠭ ᠬᠤᠪᠢᠶᠠᠬᠤ ᠶᠣᠰᠣᠯᠠᠯ ᠶᠠᠪᠤᠭᠳᠠᠭᠤᠯᠪᠠ᠃ ᠭᠠᠴᠠᠭᠠᠨ ᠳᠤ ᠰᠠᠭᠤᠭ᠎ᠠ ᠠᠵᠢᠯᠯᠠᠬᠤ ᠳᠤᠭᠤᠶᠢᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠲᠠᠨ ᠵᠢᠴᠢ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠨᠡᠶᠢᠲᠡ 20 ᠭᠠᠷᠤᠢ ᠬᠥᠮᠦᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃      ᠵᠡᠭᠦᠨ ᠦᠵᠦᠮᠦᠴᠢᠨ ᠬᠤᠰᠢᠭᠤᠨ ᠤ 2018 ᠣᠨ  ᠳᠤ ᠬᠡᠷᠡᠭᠵᠢᠭᠦᠯᠦᠭᠰᠡᠨ ᠭᠠᠬᠢᠯ ᠰᠤᠮᠤᠨ ᠤ ᠡᠷᠢᠶᠡᠨᠪᠤᠯᠠᠭ ᠭᠠᠴᠠᠭᠠᠨ ᠤ ᠴᠡᠪᠡᠷ ᠡᠭᠦᠯᠳᠡᠷ ᠤᠨ ᠠᠩᠭᠢᠰ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠠᠵᠤ ᠦᠢᠯᠡᠰ ᠢ ᠲᠡᠳᠬᠦᠭᠰᠡᠨ ᠲᠥᠷᠥᠯ ᠵᠦᠢᠯ 2024 ᠣᠨ ᠳᠤ ᠬᠦᠷᠢᠶᠡᠲᠦᠨᠠᠭᠤᠷ ᠰᠣᠮᠣᠨ ᠤ 21 ᠡᠷᠦᠬᠡ ᠶᠢᠨ 63 ᠬᠥᠮᠦᠨ ᠢ ᠳᠠᠮᠵᠢᠨ᠂ ᠶᠠᠳᠠᠭᠤ ᠠᠴᠠ ᠠᠩᠭᠢᠵᠢᠷᠠᠭᠰᠠᠨ 63 ᠬᠥᠮᠦᠨ ᠳᠤ 1500 ᠲᠥᠭᠦᠷᠢᠭ ᠤᠨ ᠲᠡᠳᠬᠦᠮᠵᠢ ᠶᠢᠨ ᠮᠥᠩᠭᠦ ᠣᠯᠭᠤᠵᠤ᠂ ᠨᠡᠶᠢᠲᠡ 9.45 ᠲᠦᠮᠡᠨ ᠲᠥᠭᠦᠷᠢᠭ ᠤᠨ ᠪᠡᠯᠡ ᠣᠷᠣᠭᠤᠯᠪᠠ᠃      ᠡᠨᠡ ᠬᠦ ᠪᠤᠲᠠᠲᠠᠢ ᠠᠰᠢᠭ ᠬᠤᠪᠢᠶᠠᠬᠤ ᠲᠥᠷᠥᠯ ᠵᠦᠢᠯ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠵᠤ ᠦᠢᠯᠡᠰ ᠤᠨ ᠬᠥᠭᠵᠢᠯᠲᠡ ᠶᠢᠨ ᠠᠰᠢᠭ ᠲᠤᠰᠠ ᠶᠢ ᠦᠨᠡᠨ ᠬᠦ ᠡᠳ᠋ᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠳᠤ ᠠᠵᠤ ᠦᠢᠯᠡᠰ ᠤᠨ ᠲᠤᠯᠭᠠᠭᠤᠷᠢᠯᠠᠯ ᠬᠠᠩᠭᠠᠵᠤ᠂ ᠣᠯᠠᠨ ᠲᠦᠮᠡᠨ ᠤ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠭᠡᠮᠵᠢ ᠶᠢᠨ ᠰᠡᠳᠭᠢᠯᠭᠡ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠠᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠠᠴᠠ ᠨᠠᠮ ᠵᠠᠰᠠᠭ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠲᠠᠯᠠᠷᠬᠠᠵᠤ᠂ ᠬᠤᠢᠰᠢᠳᠠ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠳᠡᠮᠵᠢᠬᠦ ᠪᠠᠷ ᠪᠠᠷᠠᠬᠤ ᠦᠭᠡᠢ ᠪᠠᠰᠠ ᠥᠪᠡᠷ ᠤᠨ ᠬᠤᠶᠠᠷ ᠭᠠᠷ ᠲᠤ ᠪᠠᠨ ᠲᠦᠰᠢᠭᠯᠡᠨ ᠨᠡᠩ ᠣᠯᠠᠨ ᠠᠰᠢᠭ ᠣᠷᠣᠯᠭ᠎ᠠ ᠶᠢ ᠡᠭᠦᠳᠦᠨ ᠪᠦᠲᠦᠭᠡᠨ ᠠᠮᠢᠳᠤᠷᠠᠯ ᠢᠶᠠᠨ ᠴᠢᠨᠡᠭᠡᠯᠢᠭᠵᠢᠭᠦᠯᠦᠨ᠎ᠡ ᠭᠡᠵᠦ ᠵᠣᠷᠢᠭ ᠢᠶᠠᠨ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠬᠦᠷᠢᠶᠡᠳᠦᠨᠠᠭᠤᠷ ᠰᠤᠮᠤ ᠨᠢ ᠲᠤᠬᠠᠢ ᠶᠢᠨ ᠭᠠᠵᠠᠷ ᠲᠤ ᠪᠠᠨ ᠲᠣᠬᠢᠷᠠᠭᠤᠯᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠯᠠᠨ ᠡᠰᠢᠲᠦ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠵᠦ᠂ ᠨᠡᠩ ᠣᠯᠠᠨ ᠬᠦᠮᠦᠰ ᠲᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠭᠠᠴᠠᠭ᠎ᠠ ᠪᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ ᠬᠠᠮᠲᠤ ᠪᠠᠷ ᠠᠰᠢᠭ ᠬᠦᠷᠲᠡᠬᠦ ᠵᠠᠮ ᠢ ᠡᠷᠢᠯᠬᠢᠯᠡᠨ᠎ᠡ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号