ᠡᠵᠢᠨᠠᠭᠤᠷ ᠪᠠᠯᠭᠠᠰᠤᠨ ᠤ ᠪᠦᠯᠬᠦᠮᠳᠡᠯ ᠭᠠᠴᠠᠭ᠎ᠠ ᠨᠢ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
      12  ᠰᠠᠷ᠎ᠠ ᠶᠢᠨ 25 ᠤ ᠡᠳᠦᠷ᠂ ᠡᠵᠢᠨᠠᠭᠤᠷ ᠪᠠᠯᠭᠠᠰᠣᠨ ᠤ ᠪᠦᠯᠬᠦᠮᠳᠡᠯ ᠭᠠᠴᠠᠭ᠎ᠠ ᠨᠢ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠣᠭᠤᠯᠵᠣ᠂ ᠭᠠᠴᠠᠭᠠᠨ ᠤ ︽ᠬᠤᠶᠠᠷ ᠵᠦᠪᠯᠡᠯ︾ ᠤᠨ ᠬᠡᠰᠢᠭᠦᠨ᠂ ᠨᠠᠮ ᠤᠨ ᠬᠡᠰᠢᠭᠦᠨ ᠪᠣᠯᠣᠨ ᠭᠠᠴᠠᠭ᠎ᠠ ᠳᠠᠭᠠᠭᠠᠴᠢᠯᠠᠭᠰᠠᠨ ᠪᠠᠯᠭᠠᠰᠣᠨ ᠤ ᠣᠳᠣᠷᠢᠳᠣᠯᠭ᠎ᠠ ᠬᠤᠷᠠᠯ ᠳᠤ ᠣᠷᠣᠯᠴᠠᠵᠠᠢ  ᠃      ᠬᠤᠷᠠᠯ ᠤᠨ ᠨᠢᠭᠡᠳᠦᠭᠡᠷ ᠲᠤ᠂ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ  ᠶᠢᠨ ᠳᠣᠬᠠᠢ ᠬᠠᠷᠢᠭᠤ ᠮᠡᠳᠡᠭᠦᠯᠥᠯᠲᠡ ᠬᠢᠵᠣ᠂ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠭᠦᠨᠵᠡᠭᠡᠢ ᠰᠤᠳᠤᠯᠤᠨ ᠶᠠᠷᠢᠯᠴᠠᠵᠤ᠂ ᠢᠷᠡᠭᠡᠳᠦᠢ ᠶᠢᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠣᠳᠣᠷᠬᠠᠢ ᠠᠷᠭ᠎ᠠ ᠵᠠᠮ ᠢ ᠲᠣᠭᠲᠠᠭᠠᠪᠠ᠃      ᠬᠤᠷᠠᠯ ᠤᠨ ᠬᠤᠶᠠᠳᠤᠭᠠᠷ ᠲᠤ᠂ ᠭᠠᠴᠠᠭᠠᠨ ᠤ ᠨᠠᠮ ᠤᠨ ᠡᠭᠦᠷ ᠤᠨ ᠱᠦᠵᠢ ᠨᠠᠮ ᠤᠨ ᠭᠡᠰᠢᠭᠦᠳ ᠶᠢ ᠳᠠᠭᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠠᠭᠤᠯᠭ᠎ᠠ ᠶᠢ ᠰᠤᠷᠤᠯᠴᠠᠵᠤ᠂ ᠨᠠᠮ ᠤᠨ ᠭᠡᠰᠢᠭᠦᠨ ᠤ ᠠᠷᠢᠭᠤᠨ ᠴᠢᠬᠡᠴᠢ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠤᠷᠠᠯ ᠤᠨ ᠭᠤᠷᠪᠠᠳᠤᠭᠠᠷ ᠲᠤ᠂ ᠭᠠᠴᠠᠭᠠᠨ ᠤ ᠨᠠᠮ ᠤᠨ ᠡᠭᠦᠷ ᠠᠴᠠ ᠪᠥᠬᠦ ᠨᠠᠮ ᠤᠨ ᠭᠡᠰᠢᠭᠦᠳ  ᠶᠢ ᠳᠠᠭᠠᠭᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠰᠠᠭ ᠤᠨ ᠴᠢᠬᠡᠴᠢ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠰᠣᠷᠣᠯᠴᠠᠪᠠ᠃ ᠲᠣᠭᠤᠷᠢᠨ ᠰᠤᠷᠤᠯᠴᠠᠬᠤ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠦ ᠶᠢ ᠵᠢᠷᠣᠮᠯᠠᠬᠤ ᠣᠬᠠᠮᠰᠠᠷ᠂ ᠨᠠᠮᠴᠢ ᠴᠢᠨᠠᠷ ᠤᠨ ᠪᠣᠯᠪᠠᠰᠣᠷᠠᠯ ᠢ ᠴᠢᠩᠭᠠᠳᠬᠠᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠪᠦᠯᠬᠦᠮᠳᠡᠯ ᠭᠠᠴᠠᠭᠠᠨ ᠤ ᠨᠠᠮ ᠤᠨ ᠡᠭᠦᠷ ᠠᠴᠠ ᠨᠠᠮ ᠤᠨ ᠭᠡᠰᠢᠭᠦᠨ ᠤ ᠠᠷᠢᠭᠤᠨ ᠴᠢᠬᠡᠴᠢ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢ ᠤᠯᠠᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂  ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ  ᠬᠦᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号