ᠭᠠᠬᠢᠯ ᠰᠤᠮᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ 2024 ᠣᠨ ᠤ ᠠᠵᠢᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2025/1/13
      2024 ᠣᠨ ᠳᠤ᠂ ᠭᠠᠬᠢᠯ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ   ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠤᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠣᠷᠣᠨ ᠠᠶᠢᠮᠠᠭ ᠬᠤᠰᠢᠭᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ︽123456︾         ︽4115︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠰᠡᠳᠬᠢᠯ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠯᠵᠢᠬᠤ ᠤᠷᠤᠨ ᠤ ᠤᠳᠤᠬᠢᠴᠢᠯᠠᠬᠰᠠᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠰᠢᠨ᠎ᠡ ᠬᠠᠭᠤᠳᠠᠰᠤᠨ ᠳᠤ ᠬᠠᠷᠢᠭᠤᠴᠠᠯᠭ᠎ᠠ ᠪᠠᠷ ᠭᠦᠢᠴᠡᠳᠭᠡᠨ᠂ ᠬᠦᠴᠦᠨ ᠴᠢᠳᠠᠯ ᠢᠶᠠᠨ ᠡᠷᠬᠦᠨ᠂ ᠡᠯ᠎ᠡ ᠵᠦᠢᠯ ᠤᠨ ᠡᠭᠦᠷᠭᠡ  ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠦᠵᠡᠯᠲᠡ ᠲᠠᠨᠢᠯᠲᠠ ᠪᠠᠨ ᠨᠢᠬᠲᠠᠷᠠᠭᠤᠯᠵᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃  ᠰᠤᠮᠤᠨ ᠤ ᠨᠠᠮ ᠤᠨ ᠬᠤᠷᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳ ᠬᠤᠵᠢᠳ 4 ᠤᠳᠠᠭ᠎ᠠ ᠨᠠᠮ ᠤᠨ ᠬᠤᠷᠢᠶᠠᠨ ᠤ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠡᠭᠦᠨ ᠤ ᠬᠠᠮᠲᠦ᠂ ᠰᠤᠮᠤᠨ ᠤ ᠨᠠᠮ ᠤᠨ          ᠬᠤᠷᠢᠶ᠎ᠠ᠂ ᠵᠠᠰᠠᠭ ᠤᠨ ᠣᠷᠳᠣᠨ ᠤ ᠬᠦᠴᠦᠯᠡᠨ ᠠᠬᠢᠭᠤᠯᠵᠤ ᠪᠠᠶᠢᠭ᠎ᠠ ᠠᠵᠢᠯ ᠪᠠ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠢᠮᠠᠭᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ  ᠪᠠᠨ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠪᠠ᠃ ᠡᠨᠡ ᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠲᠦᠷᠦᠯ ᠵᠦᠢᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠣᠷᠴᠢᠨ ᠠᠬᠤᠢ ᠶᠢ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠬᠤ ᠠᠵᠢᠯᠯᠠᠭ᠎ᠠ ᠶᠢ 15 ᠭᠠᠷᠤᠢ ᠤᠳᠠᠭ᠎ᠠ ᠥᠷᠨᠢᠭᠦᠯᠵᠦ᠂ ᠰᠤᠮᠤ ᠶᠢᠨ ᠱᠠᠲᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠮᠠᠨᠵᠤᠤᠷ ᠬᠤᠲᠠ᠂ ᠡᠷᠭᠦᠨ᠎ᠡ ᠬᠤᠲᠠ ᠵᠡᠷᠭᠡ ᠭᠠᠵᠠᠷ ᠣᠷᠣᠨ ᠳᠤ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠠᠤᠯᠢ ᠶᠣᠰᠣᠭᠠᠷ 2 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠰᠢᠢᠳᠪᠦᠷᠢ ᠶᠢ ᠪᠠᠲᠤᠯᠠᠨ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠩᠭᠤᠵᠤ᠂ ᠰᠤᠮᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃      ᠴᠢᠳᠠᠪᠤᠷᠢ ᠶᠢᠨ ᠡᠭᠦᠳᠦᠯᠲᠡ ᠳᠤ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠭᠦᠨᠵᠡᠭᠡᠢ ᠠᠳᠬᠤᠪᠠ᠃ ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠬᠤ᠂ ᠲᠥᠯᠥᠭᠡᠯᠡᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠳᠠᠯᠠᠨ᠂ ᠬᠤᠰᠢᠭᠤ᠂ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠ ᠠᠷᠭ᠎ᠠ ᠵᠠᠮ ᠢᠶᠠᠷ ᠳᠠᠮᠵᠢᠭᠤᠯᠤᠨ᠂ ᠲᠤᠰᠬᠠᠢ ᠰᠡᠳᠦᠪᠲᠦ ᠪᠤᠯᠪᠠᠰᠤᠷᠠᠯ  ᠢ ᠥᠷᠨᠢᠭᠦᠯᠵᠦ᠂ ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ  ᠶᠢ ᠨᠢ ᠴᠢᠬᠤᠯᠠᠴᠢᠯᠠᠵᠤ᠂ ᠴᠤᠭ ᠵᠢᠪᠬᠤᠭ᠎ᠠ ᠶᠢ ᠪᠣᠶ ᠪᠣᠯᠭᠠᠬᠤ ᠲᠠᠯ᠎ᠠ ᠪᠠᠷ ᠥᠯᠢᠭᠡᠷ ᠳᠠᠭᠤᠷᠢᠶᠠᠯ ᠥᠵᠡᠭᠦᠯᠪᠠ᠃ ᠡᠨᠡ ᠵᠢᠯ᠂ ᠬᠤᠰᠢᠭᠤ ᠲᠠᠰ ᠤᠨ ᠠᠷᠠᠳ ᠤᠨ ᠲᠥᠯᠥᠭᠡᠯᠡᠭᠴᠢᠳ ᠤᠨ ︽ᠬᠤᠣᠰ ᠬᠠᠷᠢᠯᠴᠠᠬᠤ︾  ᠭᠦᠳᠡᠯᠭᠡᠭᠡᠨ ᠢ 1 ᠤᠳᠠᠭ᠎ᠠ᠂ ᠡᠯ᠎ᠡ ᠲᠥᠯᠥᠭᠡᠯᠡᠭᠴᠢᠳ ᠤᠨ ᠳᠤᠭᠤᠶᠢᠯᠠᠩ ᠤᠨ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ 7          ᠤᠳᠠᠭ᠎ᠠ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠰᠬᠠᠢ ᠰᠡᠳᠦᠪᠲᠦ ᠪᠣᠯᠪᠠᠰᠤᠷᠠᠯ  ᠢ 2 ᠤᠳᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ 3 ᠤᠳᠠᠭ᠎ᠠ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠬᠰᠢᠯᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ 2 ᠤᠳᠠᠭ᠎ᠠ᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠠᠵᠢᠯᠯᠠᠭ᠎ᠠ ᠶᠢ 4 ᠤᠳᠠᠭ᠎ᠠ᠂ ᠲᠥᠯᠦᠭᠡᠯᠡᠭᠴᠢᠳ ᠤᠨ ᠪᠣᠯᠪᠠᠰᠤᠷᠠᠯ ᠪᠠ ᠵᠠᠬᠢᠳᠠᠯ ᠰᠤᠷᠪᠤᠯᠵᠢᠯᠠᠭ᠎ᠠ ᠶᠢ ᠣᠷᠤᠯᠠᠨ ᠭᠦᠢᠴᠡᠳᠬᠡᠭᠴᠢ ᠶᠢᠨ ᠪᠣᠯᠪᠠᠰᠤᠷᠠᠯ ᠲᠤᠰ ᠪᠦᠷᠢ 1 ᠤᠳᠠᠭ᠎ᠠ᠂ ᠲᠥᠯᠦᠭᠡᠯᠡᠭᠴᠢᠳ ᠤᠨ ᠣᠨᠤᠯ ᠤᠨ ᠲᠠᠯ᠎ᠠ ᠶᠢᠨ ᠪᠣᠯᠪᠠᠰᠤᠷᠠᠯ 4 ᠤᠳᠠᠭ᠎ᠠ᠂ ᠬᠠᠤᠯᠢ ᠴᠠᠭᠠᠵᠠ ᠶᠢᠨ ᠤᠬᠠᠭᠤᠯᠭ᠎ᠠ 3 ᠤᠳᠠᠭ᠎ᠠ᠂ ︽ᠦᠷᠲᠡᠭᠡ︾ ᠳᠤ ᠭᠦᠨᠵᠡᠭᠡᠶᠢᠷᠡᠨ ᠰᠤᠩᠭᠤᠭᠤᠯᠢ ᠶᠢᠨ ᠠᠷᠠᠳ ᠲᠠᠢ ᠬᠠᠷᠢᠯᠴᠠᠬᠤ ᠠᠵᠢᠯᠯᠠᠭ᠎ᠠ 6 ᠤᠳᠠᠭ᠎ᠠ ᠶᠠᠪᠤᠭᠳᠠᠭᠤᠯᠪᠠ᠃      ᠵᠣᠷᠢᠯᠲᠠ  ᠪᠠᠨ ᠦᠢᠯᠡᠳᠦᠯᠭᠡᠵᠢᠬᠦᠯᠬᠦ ᠳᠤ ᠬᠦᠴᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠪᠠ᠃  ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂       ︽123456︾ ︽4115︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠠᠷᠠᠳᠴᠢᠯᠠᠯ ᠢ ᠪᠦᠬᠦ ᠶᠠᠪᠤᠴᠠ ᠳᠤ ᠪᠠᠶᠠᠯᠢᠭᠵᠢᠭᠤᠯᠤᠨ ᠥᠷᠭᠡᠳᠬᠡᠬᠦ ᠪᠠᠷ ᠬᠦᠴᠦᠯᠡᠪᠡ᠃ ᠨᠢᠭᠡ ᠳᠤ᠂ ᠲᠥᠯᠦᠭᠡᠯᠡᠭᠴᠢᠳ ᠲᠤ ᠬᠤᠪᠢ ᠣᠯᠭᠤᠬᠤ ᠳᠦᠷᠢᠮ ᠢ ᠬᠡᠷᠡᠭᠵᠢᠭᠦᠯᠵᠦ᠂ 100 ᠬᠤᠪᠢ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ 10 ᠬᠤᠪᠢᠨ ᠤ ᠨᠡᠮᠡᠯᠲᠡ ᠡᠭᠦᠷᠭᠡ ᠲᠣᠬᠢᠷᠠᠭᠤᠯᠤᠨ᠂ ᠲᠥᠯᠦᠭᠡᠯᠡᠭᠴᠢᠳ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠯᠡᠨ ᠣᠷᠣᠯᠴᠠᠭᠰᠠᠨ ᠢ ᠲᠡᠮᠳᠡᠭᠯᠡᠨ ᠬᠤᠷᠠᠮᠳᠠᠭᠤᠯᠵᠤ᠂ ᠬᠠᠭᠠᠰ ᠵᠢᠯ ᠪᠦᠷᠢ ᠳᠤ ᠨᠢᠭᠡ ᠤᠳᠠᠭ᠎ᠠ ᠢᠯᠡ ᠪᠠᠷ ᠨᠡᠶᠢᠲᠡᠯᠡᠨ ᠮᠡᠳᠡᠭᠳᠡᠭᠰᠡᠨ ᠪᠠᠶᠢᠨ᠎ᠠ᠃ ᠬᠤᠶᠠᠷ ᠲᠤ᠂ ᠲᠥᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢᠨ ᠭᠠᠵᠠᠷ ᠢ ᠴᠢᠩᠭᠠᠷᠠᠭᠤᠯᠪᠠ᠂ 40 ᠳᠡᠭᠰᠢ ᠳᠦᠷᠪᠡᠯᠵᠢᠨ ᠮᠧᠲᠷ ᠤᠨ        ︽ᠠᠷᠠᠳ ᠤᠨ ᠲᠥᠯᠦᠭᠡᠯᠡᠭᠴᠢᠳ ᠤᠨ ᠠᠵᠢᠯᠯᠠᠬᠤ ᠥᠷᠦᠭᠡ︾ ᠶᠢ ᠵᠠᠰᠠᠪᠤᠷᠢ ᠣᠷᠤᠭᠤᠯᠤᠨ ᠪᠠᠶᠢᠭᠤᠯᠵᠤ᠂ ᠳᠠᠩᠰᠠ ᠡᠪᠬᠡᠮᠡᠯ ᠢᠶᠠᠨ ᠤᠯᠠᠮ ᠢᠵᠢ ᠪᠦᠷᠢᠨᠰᠢᠭᠦᠯᠵᠦ᠂ ᠲᠥᠯᠦᠭᠡᠯᠡᠭᠴᠢᠳ ᠤᠨ ᠲᠤᠰᠢᠶᠠᠯ ᠡᠭᠦᠷᠭᠡ ᠪᠠᠨ ᠭᠦᠢᠴᠡᠳᠬᠡᠬᠦ ᠣᠷᠤᠨ ᠵᠠᠢ ᠶᠢ ᠤᠯᠠᠮ ᠨᠢᠭᠡ ᠠᠯᠬᠤᠮ ᠦᠷᠭᠡᠳᠬᠡᠪᠡ᠃ ᠭᠤᠷᠪᠠ ᠳᠤ᠂ᠲᠥᠯᠦᠭᠡᠯᠡᠭᠴᠢᠳ ᠤᠨ ᠰᠠᠨᠠᠯ ᠵᠦᠪᠯᠡᠯᠭᠡ ᠶᠢ ᠬᠢᠨᠠᠮᠠᠭᠠᠢ ᠭᠦᠢᠴᠡᠳᠬᠡᠪᠡ᠂ ᠲᠥᠯᠦᠭᠡᠯᠡᠭᠴᠢᠳ  ᠤᠨ ᠰᠠᠨᠠᠯ ᠰᠠᠨᠠᠭᠤᠯᠭ᠎ᠠ ᠶᠢ ᠳᠤᠷᠠᠳᠬᠤ᠂ ᠲᠤᠰᠢᠶᠠᠬᠤ᠂ ᠬᠢᠨᠠᠯᠲᠠ ᠲᠠᠯᠪᠢᠬᠤ ᠵᠡᠷᠭᠡ ᠳᠤ ᠠᠩᠬᠠᠷᠤᠯ ᠢᠶᠠᠨ ᠲᠠᠯᠪᠢᠵᠤ᠂  ᠬᠦᠳᠡᠭᠡ ᠲᠣᠰᠬᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠤᠬᠠᠢ ᠰᠠᠨᠠᠯ ᠶᠢ ᠱᠠᠯᠠᠪᠳᠠᠭᠤᠯᠤᠨ ᠭᠦᠢᠴᠡᠳᠬᠡᠵᠦ᠂ 2024 ᠣᠨ ᠳᠤ 20 ᠲᠦᠮᠡᠨ ᠲᠦᠭᠦᠷᠢᠭ ᠤᠨ ᠪᠡᠯᠡ ᠮᠥᠩᠭᠦ ᠣᠷᠤᠭᠤᠯᠵᠤ ᠴᠠᠭᠠᠨᠴᠢᠯᠠᠭᠤᠲᠤ ᠨᠡᠶᠢᠭᠡᠮ ᠲᠣᠭᠤᠷᠢᠭ ᠤᠨ ᠡᠷᠢᠶᠡᠨᠭᠤᠪᠢ ᠰᠠᠭᠤᠭᠠᠯᠢ ᠠᠷᠠᠳ ᠤᠨ ᠲᠣᠭᠤᠷᠢᠭ ᠤᠨ ᠵᠠᠮ ᠤᠨ ᠳ᠋ᠧᠩ ᠤᠨ ᠲᠦᠷᠦᠯ ᠵᠦᠢᠯ ᠢ ᠪᠡᠶᠡᠯᠡᠭᠦᠯᠵᠦ᠂ 7 ᠰᠠᠷ᠎ᠠ ᠳᠤ ᠠᠰᠢᠭᠯᠠᠯᠲᠠ ᠳᠤ ᠣᠷᠤᠵᠤ᠂ ᠦᠨᠡᠨᠬᠦ ᠠᠷᠠᠳ ᠶᠢᠨ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠭᠰᠠᠨ ᠪᠠᠶᠢᠨ᠎ᠠ᠃ ᠳᠥᠷᠪᠡ ᠳᠤ᠂ ᠲᠦᠷᠦ ᠶᠢᠨ ᠪᠣᠳᠣᠯᠭ᠎ᠠ ᠬᠠᠤᠯᠢ ᠳᠦᠷᠢᠮ ᠤᠨ ᠤᠬᠠᠭᠤᠯᠤᠭᠴᠢ ᠪᠣᠯᠪᠠ᠃            ︽ᠰᠦᠯᠵᠢᠶᠡᠨ ᠳᠤ + ᠰᠦᠯᠵᠢᠶᠡᠨ ᠭᠠᠳᠠᠨ᠎ᠠ︾ ᠤᠬᠠᠭᠤᠯᠭ᠎ᠠ ᠶᠢᠨ ᠠᠷᠭ᠎ᠠ ᠪᠠᠷᠢᠯ ᠢ ᠪᠥᠬᠦ ᠲᠠᠯ᠎ᠠ ᠪᠠᠷ ᠠᠭᠤᠰᠤᠯᠴᠠᠭᠤᠯᠤᠨ᠂ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠠ᠃ ᠰᠦᠯᠵᠢᠶᠡᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨᠲᠤ ᠳᠠᠪᠴᠠᠩ᠂ ᠸᠢᠴᠲ ᠤᠨ  ᠤᠬᠠᠭᠤᠯᠭ᠎ᠠ ᠶᠢᠨ ᠲᠠᠪᠴᠠᠩ᠂ ᠲᠥᠯᠥᠭᠡᠯᠡᠭᠴᠢᠳ ᠤᠨ ᠴᠤᠬᠯᠠᠷᠠᠯ ᠵᠡᠷᠭᠡ ᠳᠤ ᠳᠡᠭᠡᠳᠦ ᠱᠠᠲᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ᠂ ᠬᠠᠤᠯᠢ ᠴᠠᠭᠠᠵᠠ ᠶᠢᠨ ᠲᠣᠭᠲᠠᠭᠠᠯ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ 60 ᠭᠠᠷᠤᠢ ᠤᠳᠠᠭ᠎ᠠ ᠲᠠᠮᠵᠢᠭᠤᠯᠤᠨ ᠰᠤᠷᠤᠯᠴᠠᠪᠠ᠃ ᠰᠦᠯᠵᠢᠶᠡᠨ ᠤ ᠭᠠᠳᠠᠨ᠎ᠠ᠂ ᠰᠤᠮᠤᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠮᠠᠯᠵᠢᠬᠤ ︵ᠰᠠᠭᠤᠭᠠᠯᠢ︶ ᠡᠷᠦᠭᠡ ᠳᠤ ᠭᠦᠨᠵᠡᠭᠡᠶᠢᠷᠡᠨ᠂ ᠥᠷᠭᠡᠨ ᠣᠯᠠᠨ ᠮᠠᠯᠵᠢᠬᠤ ︵ᠰᠠᠭᠤᠭᠠᠯᠢ︶ ᠠᠷᠠᠳ ᠲᠤ 1500 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠲᠠᠪᠤ ᠳᠤ᠂ ᠵᠠᠬᠢᠳᠠᠯ ᠰᠤᠷᠪᠤᠯᠵᠢᠯᠭ᠎ᠠ ᠶᠢᠨ ᠣᠷᠤᠯᠠᠨ ᠭᠦᠢᠴᠡᠳᠬᠡᠭᠴᠢ ᠪᠣᠯᠪᠠ᠃ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠤᠷᠤᠭ ᠭᠡᠷ ᠪᠦᠯᠢ ᠵᠡᠷᠭᠡ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠳᠤ 20 ᠬᠥᠮᠥᠨ ᠤᠳᠠᠭ᠎ᠠ ᠢᠳᠡᠪᠬᠢᠲᠡᠢ ᠣᠷᠣᠯᠴᠠᠵᠤ᠂ ᠵᠠᠬᠢᠳᠠᠯ ᠰᠣᠷᠪᠤᠯᠵᠢᠯᠠᠭ᠎ᠠ  ᠶᠢ ᠣᠷᠤᠯᠠᠨ ᠰᠢᠢᠳᠪᠦᠷᠢᠯᠡᠵᠦ᠂ 6 ᠤᠳᠠᠭ᠎ᠠ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠪᠠ᠃ ᠵᠢᠷᠭᠤᠭ᠎ᠠ ᠳᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠰᠠᠶᠢᠨ ᠲᠤᠰᠬᠠᠬᠴᠢ ᠪᠣᠯᠪᠠ᠃ ᠲᠥᠯᠥᠭᠡᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠣᠩᠭᠤᠭᠤᠯᠢ ᠶᠢᠨ ᠠᠷᠠᠳ ᠲᠠᠢ ᠬᠠᠷᠢᠯᠴᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠲᠤᠰᠬᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠰᠤ᠂ ᠴᠠᠬᠢᠯᠭᠠᠨ ᠪᠠ ᠣᠷᠴᠢᠨ ᠠᠬᠤᠢ ᠶᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ 15 ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠳᠬᠡᠵᠦ᠂ ᠰᠢᠢᠳᠪᠦᠷᠢᠯᠡᠵᠦ ᠥᠭᠭᠦᠭᠰᠡᠨ ᠨᠤᠷᠮ᠎ᠠ 100% ᠳᠤ ᠬᠦᠷᠭᠡᠵᠦ᠂ ᠴᠠᠭ ᠲᠤᠬᠠᠢ ᠳᠤᠨᠢ ᠰᠤᠮᠤ ᠶᠢᠨ ᠵᠠᠰᠠᠭ ᠤᠨ ᠣᠷᠳᠣᠨ ᠳᠤ ᠰᠢᠯᠵᠢᠭᠦᠯᠦᠨ ᠥᠭᠴᠦ ᠰᠢᠢᠳᠪᠤᠷᠢᠯᠡᠪᠡ᠃      ᠲᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠦᠷᠭᠦᠯᠵᠢᠯᠡᠨ ᠴᠠᠭ ᠦᠶ᠎ᠡ ᠲᠠᠢ ᠬᠠᠮᠲᠤ ᠤᠷᠤᠭᠰᠢᠯᠠᠵᠤ᠂ ᠠᠷᠠᠳ ᠲᠦᠮᠡᠨ ᠲᠠᠢ ᠰᠡᠳᠬᠢᠯ ᠢᠶᠠᠨ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠯᠠᠪᠳᠠᠭᠤᠨ ᠪᠠᠲᠤᠲᠠᠢ ᠤᠷᠤᠭᠰᠢᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠭᠠᠬᠢᠯ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ︽ᠤᠷᠤᠭᠰᠢᠯᠠᠯᠲᠠ ᠶᠢᠨ ᠠᠶᠠᠰ︾  ᠢ ᠦᠷᠭᠦᠯᠵᠢᠯᠡᠨ ᠬᠠᠩᠭᠢᠨᠠᠭᠤᠯᠤᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号