2024 ᠣᠨ ᠤ 1 ᠰᠠᠷ᠎ᠠ —12 ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2025/1/14
     2024 ᠣᠨ ᠤ 1 — 12 ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠡᠳ᠋ ᠪᠠᠷᠠᠭ᠎ᠠ ᠨᠡᠶᠢᠲᠡ 400 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.14%᠎ ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ 396.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.45%᠎ ᠪᠠᠷ         ᠨᠡᠮᠡᠭᠳᠡᠨ᠂ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ 3.64 ᠲᠦᠮᠡᠨ ᠲᠣᠨ ᠳᠤ ᠬᠦᠷᠪᠡ᠃ ᠠᠳᠠᠯᠢ ᠬᠤᠭᠤᠴᠠᠭᠠᠨ ᠤ ᠬᠢ ᠠᠴᠠ 20.52%᠎ ᠢᠶᠠᠷ ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠦᠰ 10.18 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.67%᠎ ᠪᠠᠷ ᠨᠡᠮᠡᠭᠳᠡᠨ᠂ ᠡᠭᠦᠨ ᠳᠤ ᠬᠢᠯᠢ ᠪᠠᠷ ᠣᠷᠣᠵᠤ ᠢᠷᠡᠭᠰᠡᠨ ᠬᠥᠮᠦᠰ 5.1 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ        27.5%᠎ ᠪᠠᠷ ᠨᠡᠮᠡᠭᠳᠡᠪᠡ︔ ᠬᠢᠯᠢ ᠠᠴᠠ ᠭᠠᠷᠤᠭᠰᠠᠨ ᠬᠥᠮᠦᠰ 5.08 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.84%᠎ ᠪᠠᠷ ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 9.95 ᠲᠦᠮᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.64% ᠨᠡᠮᠡᠭᠳᠡᠵᠦ᠂ ᠡᠭᠦᠨ ᠳᠤ ᠬᠢᠯᠢ ᠪᠠᠷ  ᠤᠷᠤᠵᠤ ᠢᠷᠡᠭᠰᠡᠨ ᠲᠡᠷᠭᠡ 4.98 ᠲᠦᠮᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.5%᠎ ᠪᠠᠷ ᠨᠡᠮᠡᠭᠳᠡᠨ᠂ ᠬᠢᠯᠢ ᠠᠴᠠ ᠭᠠᠷᠤᠭᠰᠠᠨ ᠲᠡᠷᠭᠡ 4.97 ᠲᠦᠮᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.78% ᠨᠡᠮᠡᠭᠳᠡᠪᠡ᠃      ᠣᠳᠣᠬᠠᠨ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠶᠡᠭᠡ ᠬᠡᠮᠵᠢᠶᠡᠨ ᠤ ᠪᠠᠷᠠᠭ᠎ᠠ ᠨᠢ ᠨᠡᠭᠦᠷᠡᠰᠦ ᠪᠠᠷ ᠭᠤᠤᠯ ᠪᠣᠯᠭᠠᠵᠤ᠂ ᠲᠡᠮᠦᠷ ᠤᠨ ᠨᠠᠷᠢᠨ ᠨᠤᠨᠲᠠᠭ᠂ ᠬᠠᠶᠢᠯᠤᠭᠤᠷ ᠵᠣᠩᠰᠢ᠂ ᠴᠠᠶᠢᠷ ᠤᠨ ᠨᠠᠷᠢᠨ ᠨᠤᠨᠲᠠᠭ᠂ ᠲᠡᠵᠢᠭᠡᠯ ᠡᠪᠡᠰᠦ ᠵᠡᠷᠭᠡ ᠭᠠᠳᠠᠭᠠᠳᠤ ᠠᠴᠠ ᠣᠷᠣᠭᠤᠯᠬᠤ ᠡᠳ᠋ ᠪᠠᠷᠠᠭ᠎ᠠ ᠨᠢ ᠠᠭᠠᠵᠢᠮ ᠢᠶᠠᠷ ᠨᠡᠮᠡᠭᠳᠡᠠ᠂ ᠪᠣᠭᠤᠮᠲᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠠ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠪᠡ᠃ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠪᠠ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠰᠢᠨ᠎ᠡ ᠨᠡᠪᠲᠡᠷᠡᠬᠦ ᠵᠠᠮ ᠤᠨ ᠠᠴᠢᠶ᠎ᠠ ᠳᠦᠭᠦᠷᠡᠩ ᠠᠵᠢᠯᠯᠠᠭᠠᠨ ᠢ ᠦᠨᠡᠨᠬᠦ ᠪᠠᠲᠤᠯᠠᠨ᠂ ᠨᠡᠭᠦᠷᠡᠰᠦ᠂ ᠲᠡᠮᠦᠷ᠂ ᠴᠠᠶᠢᠷ᠂ ᠬᠠᠶᠢᠯᠤᠭᠤᠷ ᠵᠣᠩᠰᠢ᠂ ᠲᠡᠵᠢᠭᠡᠯ ᠡᠪᠡᠰᠦ ᠵᠡᠷᠭᠡ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠬᠡᠮᠵᠢᠶ᠎ᠡ ᠪᠠᠨ ᠦᠷᠭᠦᠯᠵᠢᠯᠡᠨ ᠥᠷᠭᠡᠳᠬᠡᠬᠦ ᠵᠡᠷᠭᠡ ᠬᠦᠴᠦᠨ ᠵᠦᠢᠯ ᠤᠨ ᠨᠥᠯᠥᠭᠡ ᠪᠠᠷ 2024 ᠣᠨ ᠳᠤ ᠵᠡᠭᠦᠨ ᠬᠠᠲᠠᠪᠴᠢ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠶᠢ ᠨᠥᠯᠥᠭᠡᠯᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号