ᠵᠡᠭᠦᠨ ᠦᠵᠦᠮᠦᠴᠢᠨ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/14
      12 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ  ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ  ᠬᠤᠷᠠᠯ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠤᠷᠠᠯᠳᠤᠵᠤ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠶᠡᠭᠡ ᠰᠤᠷᠭᠠᠭᠤᠯᠢ ᠶᠢᠨ ᠺᠣᠮᠢᠰᠰᠠᠷ ᠶᠠᠩ ᠭᠤᠸᠠᠩ ᠮᠢᠨ ᠬᠤᠷᠠᠯ ᠳᠤ ᠣᠷᠣᠯᠴᠠᠭᠰᠠᠨ ᠪᠥᠭᠡᠳ ᠲᠤᠰᠢᠶᠠᠯ ᠡᠭᠦᠷᠭᠡᠯᠡᠬᠦ ᠮᠡᠳᠡᠭᠳᠡᠯ ᠢ ᠨᠡᠶᠢᠲᠡᠯᠡᠪᠡ᠃      ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠧᠦ ᠢᠦᠢ ᠯᠦᠩ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠦᠭᠡ ᠬᠡᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ ᠬᠤᠷᠠᠯ ᠢ ᠡᠷᠭᠢᠯᠡᠪᠡ᠃ ᠶᠠᠩ ᠭᠤᠸᠠᠩ ᠮᠢᠨ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠵᠧᠦ ᠢᠦᠢ ᠯᠦᠩ ᠨᠥᠬᠦᠷ ᠤᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠭᠰᠡᠨ ᠪᠥᠭᠡᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠢ ᠡᠷᠡᠰ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ  ᠢᠶᠠᠨ ᠲᠥᠪᠯᠡᠷᠡᠭᠦᠯᠵᠦ᠂ ᠳᠠᠶᠢᠨ ᠳᠤ ᠪᠡᠯᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠵᠧᠦ ᠢᠦᠢ ᠯᠦᠩ᠂ ᠬᠤᠶᠢᠰᠢᠳᠠ ᠶᠢᠨ ᠠᠵᠢᠯ ᠤᠨ ᠳᠤᠮᠳᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠤᠨ ᠨᠢᠭᠡᠳᠦᠭᠡᠷ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠬᠤᠰᠢᠭᠤᠨ  ᠤ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ ᠲᠡᠷᠡ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠡᠯ᠎ᠡ ᠵᠦᠢᠯ ᠤᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠨ᠎ᠠ ᠭᠡᠵᠡᠢ᠃《 ᠴᠡᠷᠢᠭ ᠢ ᠬᠦᠴᠦᠷᠬᠡᠭᠵᠢᠭᠦᠯᠬᠦ          ᠬᠠᠷᠠᠯᠲᠠ 》 ᠶᠢ ᠪᠣᠳᠣᠯᠬᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ  ᠳᠡᠭᠡᠭᠰᠢᠯᠡᠭᠦᠯᠵᠦ᠂ ᠪᠠᠲᠤᠯᠠᠭ᠎ᠠ ᠶᠢᠨ ᠡᠷᠴᠢᠮ  ᠢᠶᠠᠨ ᠴᠢᠩᠭᠠᠷᠠᠭᠤᠯᠵᠤ᠂ ᠵᠡᠪᠰᠡᠭᠲᠦ ᠬᠦᠴᠦᠨ ᠤ ᠠᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠤᠶᠠᠷ ᠢ ᠬᠦᠷᠢᠶᠡᠯᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠨ᠎ᠡ᠃ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ  ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠪᠣᠳᠠᠲᠠᠶ ᠬᠦᠴᠢᠷᠳᠡᠯ ᠪᠠ ᠠᠰᠠᠭᠤᠳᠠᠯ  ᠢ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠰᠠᠶᠢᠲᠤᠷ ᠰᠢᠶᠳᠪᠦᠷᠢᠯᠡᠵᠦ᠂ ᠵᠡᠭᠦᠨ ᠦᠵᠦᠮᠦᠴᠢᠨ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号