12 ᠰᠠᠷ᠎ᠠ ᠶᠢᠨ 19 ᠤ ᠡᠳᠦᠷ᠂ ᠮᠠᠨᠳᠦᠬᠤᠪᠤᠯᠠᠭ ᠪᠠᠯᠭᠠᠰᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠵᠤ᠂ 2024 ᠣᠨ ᠤ ᠮᠠᠨᠳᠦᠬᠤᠪᠤᠯᠠᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠪᠠᠶᠢᠳᠠᠯ ᠤᠨ ᠲᠤᠬᠠᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠮᠠᠨᠳᠦᠬᠤᠪᠤᠯᠠᠭ ᠪᠠᠯᠭᠠᠰᠤ | 2024 ᠣᠨ ᠳᠤ ᠨᠡᠶᠢᠲᠡ 1533 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠪᠠᠯᠭᠠᠰᠤ ᠶᠢᠨ ᠨᠠᠮ ᠤᠯᠠᠨ | ᠲᠦᠮᠡᠨ ᠤ ᠦᠢᠯᠡᠴᠢᠯᠡᠭᠡᠨ ᠤ ᠲᠥᠪ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ᠂ ᠠᠮᠢᠳᠤᠷᠠᠯ ᠤᠨ ᠬᠤᠭ ᠨᠣᠪᠰᠢ ᠶᠢ | ᠬᠤᠣᠷ ᠦᠭᠡᠶᠢᠵᠢᠬᠦᠯᠦᠨ ᠰᠢᠲᠠᠭᠠᠬᠤ ᠦᠷᠳᠡᠭᠡ᠂ ᠮᠠᠨᠳᠤᠬᠤᠪᠤᠯᠠᠭ ᠰᠤᠷᠭᠠᠭᠤᠯᠢ ᠶᠢᠨ ᠰᠤᠷᠭᠠᠭᠤᠯᠢ ᠶᠢᠨ | ᠬᠦᠷᠢᠶᠡᠨ ᠤ ᠲᠡᠷᠭᠡ ᠵᠣᠭᠰᠣᠬᠤ ᠲᠠᠯᠠᠪᠤᠷ᠂ ᠪᠠᠷᠠᠭᠠᠨ ᠲᠡᠷᠭᠡᠨ ᠵᠢᠯᠣᠭᠤᠴᠢ ᠶᠢᠨ ᠦᠷᠳᠡᠭᠡ ᠵᠡᠷᠭᠡ ᠢᠨᠵᠧᠨᠧᠷᠢᠩ ᠢ | ᠪᠠᠶᠢᠭᠤᠯᠬᠤ ᠳᠤ ᠬᠡᠷᠡᠭᠵᠢᠭᠦᠯᠦᠭᠰᠡᠨ ᠪᠠᠶᠢᠨ᠎ᠠ᠃ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠠᠯ᠎ᠠ ᠪᠠᠷ᠂ ᠮᠠᠨᠳᠦᠬᠤᠪᠤᠯᠠᠭ ᠪᠠᠯᠭᠠᠰᠤ | ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠡᠯ᠎ᠡ ᠺᠠᠳ᠋ᠷ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠰᠠᠭᠤᠭᠠᠯᠢ ᠠᠷᠠᠳ ᠢ ᠳᠠᠶᠢᠴᠢᠯᠠᠬᠤ ᠶᠢᠨ ᠬᠠᠮᠲᠤ | ᠰᠠᠶᠢᠨ ᠳᠤᠷᠠᠴᠤᠳ ᠤᠨ ᠦᠢᠯᠡᠴᠢᠯᠡᠭᠡᠨ ᠤ ᠪᠦᠯᠬᠦᠮ ᠢ ᠥᠷᠭᠡᠳᠬᠡᠨ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ | ᠦᠢᠯᠡᠴᠢᠯᠡᠭᠡᠨ ᠳᠤ ᠲᠦᠰᠢᠭᠯᠡᠨ᠂ ᠠᠷᠠᠳ ᠤᠯᠠᠨ ᠢ ᠳᠠᠶᠢᠴᠢᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠠᠵᠢᠯ ᠳᠤ ᠬᠠᠮᠲᠤ ᠪᠠᠷ ᠣᠷᠣᠯᠴᠠᠭᠤᠯᠵᠤ᠂ ᠡᠯ᠎ᠡ ᠦᠨᠳᠦᠰᠦᠨ ᠱᠠᠲᠤᠨ ᠤ ᠨᠢᠭᠡᠴᠡ ᠲᠠᠢ | ᠬᠠᠮᠲᠤᠪᠠᠷ ᠪᠠᠶᠢᠭᠤᠯᠵᠤ᠂ ᠬᠠᠮᠲᠤᠪᠠᠷ ᠵᠠᠰᠠᠵᠤ᠂ ᠬᠠᠮᠲᠤᠪᠠᠷ ᠡᠳ᠋ᠯᠡᠨ᠎ᠡ᠃ ᠡᠭᠦᠨ ᠤ ᠬᠠᠮᠲᠤ᠂ ᠨᠡᠶᠢᠭᠡᠮ | ᠲᠣᠭᠤᠷᠢᠭ ᠤᠨ ᠳᠣᠲᠣᠷᠠᠬᠢ ︽ᠳᠤᠷ᠎ᠠ ᠪᠠᠷ ᠢᠶᠠᠨ ᠪᠠᠷᠢᠯᠭ᠎ᠠ ᠪᠠᠶᠢᠭᠤᠯᠬᠤ︾ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠲᠣᠭᠤᠷᠢᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠠᠵᠢᠯ ᠢ ᠦᠷᠨᠢᠭᠦᠯᠦᠭᠰᠡᠨ ᠪᠠᠶᠢᠨ᠎ᠠ᠃ |