2024 ᠣᠨ ᠤ 12 ᠰᠠᠷ᠎ᠠ ᠶᠢᠨ 26 ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 401 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 52.25% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠵᠤ | ᠭᠠᠷᠭᠠᠭᠰᠠᠨ ᠠᠷᠠᠯᠵᠢᠶᠠᠨ ᠤ ᠬᠡᠮᠵᠢᠶ᠎ᠡ 5.55 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 90.63% ᠪᠠᠷ ᠨᠡᠮᠡᠭᠳᠡᠨ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠡᠨᠡ ᠵᠢᠯ ᠠᠴᠠ ᠨᠠᠰᠢ᠂ ᠵᠡᠭᠦᠨ ᠦᠵᠦᠮᠦᠴᠢᠨ ᠬᠤᠰᠢᠭᠤ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠰᠠᠭᠤᠷᠢ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠭᠠᠳᠠᠭᠠᠳᠤ ᠠᠴᠠ | ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ | ᠡᠭᠦᠳᠴᠦ᠂ ᠪᠣᠭᠤᠮᠲᠠ ᠶᠢᠨ ᠠᠵᠤ ᠠᠬᠤᠶ ᠶᠢᠨ ᠴᠢᠨᠠᠷᠯᠢᠭ ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ | ᠠᠯᠬᠤᠪᠠ᠃ | ᠰᠢᠨ᠎ᠡ ᠠᠶᠠᠨ ᠢ ᠪᠠᠷᠠᠯᠠᠬᠤᠶ᠎ᠠ᠂ ᠬᠦᠨᠳᠦ ᠡᠭᠦᠷᠭᠡ ᠢᠲᠡᠭᠡᠯ ᠲᠡᠭᠦᠯᠳᠡᠷ᠃ ᠲᠠᠷᠠᠭᠠᠴᠢ ᠶᠢᠨ ᠠᠯᠬᠤᠮ ᠳᠤ᠂ | ᠵᠡᠭᠦᠨ ᠦᠵᠦᠮᠦᠴᠢᠨ ᠬᠤᠰᠢᠭᠤ ᠬᠥᠭᠵᠢᠯᠲᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠰᠠᠭᠤᠷᠢ ᠪᠥᠲᠥᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ᠂ ᠥᠨᠳᠥᠷ ᠲᠦᠪᠰᠢᠨ ᠪᠥᠬᠦᠶ ᠨᠡᠭᠡᠭᠡᠯᠲᠡ ᠶᠢ | ᠠᠬᠢᠭᠤᠯᠤᠨ᠎ᠠ᠃ |