2024 ᠣᠨ ᠤ 12 ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ 
ᠨᠡᠶᠢᠲᠡᠯᠡᠭᠰᠡᠨ ᠴᠠᠭ᠄
2025/1/14
      12 ᠳ᠋ᠤᠭᠠᠷ ᠰᠠᠷ᠎ᠠ ᠳᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭ᠎ᠠ ᠨᠡᠶᠢᠲᠡ 74.46 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88.66% ᠪᠠᠷ ᠨᠡᠮᠡᠭᠳᠡᠨ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 74.03 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.1% ᠪᠠᠷ ᠨᠡᠮᠡᠭᠳᠡᠪᠡ᠃ ᠭᠠᠳᠠᠬᠠᠳᠤ ᠳᠤ  ᠭᠠᠷᠭᠠᠭᠰᠠᠨ ᠪᠠᠷᠠᠭ᠎ᠠ 0.43 ᠲᠦᠮᠡᠨ ᠲᠤᠨ᠃ ᠠᠳᠠᠯᠢ ᠬᠤᠭᠤᠴᠠᠭᠠᠨ ᠤ ᠬᠢ ᠠᠴᠠ 85.23% ᠪᠠᠷ ᠨᠡᠮᠡᠭᠳᠡᠭᠰᠡᠨ ᠪᠠᠶᠢᠨ᠎ᠠ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠦᠰ 17280 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 77.26 % ᠪᠠᠷ ᠨᠡᠮᠡᠭᠳᠡᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ ᠶᠢᠨ ᠠᠵᠢᠯᠲᠠᠨ 8698 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 74.24% ᠪᠠᠷ ᠨᠡᠮᠡᠭᠳᠡᠪᠡ᠃ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ 8582 ᠬᠥᠮᠦᠨ ᠤᠳᠠᠭ᠎ᠠ᠃ ᠠᠳᠠᠯᠢ ᠬᠤᠭᠤᠴᠠᠭᠠᠨ ᠤ ᠬᠢ ᠠᠴᠠ 80.27% ᠪᠠᠷ ᠨᠡᠮᠡᠭᠳᠡᠭᠰᠡᠨ ᠪᠠᠶᠢᠨ᠎ᠠ᠃      ᠬᠢᠯᠢ ᠪᠠᠷ ᠣᠷᠣᠵᠤ ᠭᠠᠷᠤᠭᠰᠠᠨ ᠫᠠᠰᠫᠤᠷᠲ ᠲᠠᠢ ᠠᠶᠠᠨᠴᠢᠳ 2575 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 76.9% ᠪᠠᠷ ᠨᠡᠮᠡᠭᠳᠡᠵᠦ᠂ ᠡᠭᠦᠨ ᠳᠤ ᠬᠢᠯᠢ ᠠᠴᠠ ᠤᠷᠤᠵᠤ ᠢᠷᠡᠭᠰᠡᠨ ᠠᠶᠠᠨᠴᠢᠳ 1388 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 78.22% ᠪᠠᠷ ᠨᠡᠮᠡᠭᠳᠡᠨ᠂ ᠬᠢᠯᠢ ᠠᠴᠠ ᠭᠠᠷᠤᠭᠰᠠᠨ ᠠᠶᠠᠨᠴᠢᠳ 1187 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 75.56% ᠪᠠᠷ ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 17280 ᠲᠡᠷᠭᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 77.26% ᠨᠡᠮᠡᠭᠳᠡᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ 8698 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 74.24% ᠪᠠᠷ ᠨᠡᠮᠡᠭᠳᠡᠪᠡ᠃ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ 8582 ᠤᠳᠠᠭ᠎ᠠ᠃ ᠠᠳᠠᠯᠢ ᠬᠤᠭᠤᠴᠠᠭᠠᠨ ᠤ ᠬᠢ ᠠᠴᠠ 80.27% ᠨᠡᠮᠡᠭᠳᠡᠭᠰᠡᠨ ᠪᠠᠶᠢᠨ᠎ᠠ᠃      ᠣᠳᠣᠬᠠᠨ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠳᠤ ᠨᠡᠭᠦᠷᠡᠰᠦ᠂ ᠲᠡᠮᠦᠷ ᠤᠨ ᠨᠠᠷᠢᠨ ᠨᠤᠨᠲᠠᠭ᠂ ᠴᠠᠶᠢᠷ ᠤᠨ ᠨᠠᠷᠢᠨ ᠨᠤᠨᠲᠠᠭ᠂ ᠬᠠᠶᠢᠯᠤᠭᠤᠷ ᠵᠣᠩᠰᠢ᠂ ᠲᠡᠵᠢᠭᠡᠯ ᠡᠪᠡᠰᠦ ᠵᠡᠷᠭᠡ ᠶᠡᠭᠡ ᠬᠡᠮᠵᠢᠶᠡᠨ ᠤ ᠪᠠᠷᠠᠭ᠎ᠠ ᠪᠠᠷ ᠭᠤᠣᠯ ᠪᠣᠯᠭᠠᠵᠤ᠂ ᠭᠠᠳᠠᠭᠠᠳᠤ ᠳᠤ ᠭᠠᠷᠭᠠᠬᠤ ᠪᠠᠷᠠᠭ᠎ᠠ ᠳᠤ ᠲᠤᠨᠤᠭ ᠲᠥᠬᠦᠭᠡᠷᠦᠮᠵᠢ᠂ ᠡᠯᠳᠡᠪ ᠪᠠᠷᠠᠭ᠎ᠠ᠂ ᠪᠠᠷᠢᠯᠭ᠎ᠠ ᠶᠢᠨ ᠮᠠᠲ᠋ᠧᠷᠢᠶᠠᠯ ᠢᠶᠠᠷ ᠭᠤᠣᠯ ᠪᠣᠯᠭᠠᠵᠤ ᠪᠠᠶᠢᠨ᠎ᠠ᠃ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠪᠠ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠰᠢᠨ᠎ᠡ ᠨᠡᠪᠲᠡᠷᠡᠬᠦ ᠵᠠᠮ ᠤᠨ ᠠᠴᠢᠶ᠎ᠠ ᠳᠦᠭᠦᠷᠡᠩ ᠠᠵᠢᠯᠯᠠᠭᠠᠨ ᠢ ᠦᠨᠡᠨᠬᠦ ᠪᠠᠲᠤᠯᠠᠨ᠂ ᠨᠡᠭᠦᠷᠡᠰᠦ᠂ ᠲᠡᠮᠦᠷ᠂ ᠴᠠᠶᠢᠷ᠂ ᠲᠡᠵᠢᠭᠡᠯ ᠡᠪᠡᠰᠦ᠂ ᠬᠠᠶᠢᠯᠤᠭᠤᠷ ᠵᠣᠩᠰᠢ ᠵᠡᠷᠭᠡ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠬᠡᠬᠦ ᠵᠡᠷᠭᠡ ᠬᠦᠴᠦᠨ ᠵᠦᠢᠯ ᠤᠨ ᠨᠥᠯᠥᠭᠡ ᠨᠢ 12 ᠳ᠋ᠤᠭᠠᠷ ᠰᠠᠷ᠎ᠠ  ᠶᠢᠨ ᠲᠡᠭᠡᠭᠡᠪᠦᠷᠢ ᠶᠢᠨ ᠬᠡᠮᠵᠢᠶ᠎ᠡ ᠡᠳᠦᠢ ᠲᠡᠳᠦᠢ ᠳᠡᠭᠡᠭᠰᠢᠯᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号