ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠠᠩ ᠱᠧᠩ ᠨᠠᠷ ᠠᠯᠲᠠᠨᠬᠢᠯᠢ ᠰᠣᠮᠦᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/14
      2025 ᠣᠨ ᠤ 1 ᠰᠠᠷ᠎ᠠ ᠶᠢᠨ 2 ᠤᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠠᠩ ᠱᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠨᠠᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠨᠢ ᠪᠠᠶᠠᠨᠬᠠᠩᠭᠠᠢ ᠭᠠᠴᠠᠭᠠᠨ ᠤ ᠮᠠᠯᠴᠢᠨ ᠡᠷᠳᠡᠨᠢᠭᠡᠷᠡᠯ ᠤᠨ ᠳᠤ ᠭᠦᠨᠵᠡᠭᠡᠶᠢᠷᠡᠵᠦ᠂ ᠦᠷᠡᠵᠢᠯ ᠤᠨ ᠲᠠᠯᠠᠪᠠᠶ ᠶᠢᠨ ᠪᠡᠯᠡᠳᠬᠡᠯ ᠡᠬᠡ ᠮᠠᠯ ᠤᠨ ᠬᠡᠪᠴᠢᠶ᠎ᠡ᠂ ᠰᠠᠭᠤᠷᠢ ᠪᠦᠲᠦᠭᠡᠨ ᠪᠠᠶᠢᠭᠤᠯᠣᠯᠲᠠ᠂ ᠠᠷᠠᠴᠢᠯᠠᠭ᠎ᠠ ᠬᠠᠮᠢᠶᠠᠷᠤᠯᠲᠠ᠂ ᠠᠵᠤ ᠠᠬᠤᠢ ᠶᠢᠨ ᠦᠷ᠎ᠡ ᠠᠰᠢᠭ᠂ ᠡᠪᠡᠰᠦ ᠪᠣᠷᠳᠣᠭᠠᠨ ᠤ ᠨᠦᠭᠡᠴᠡᠯᠡᠭᠰᠡᠨ ᠪᠠᠶᠢᠳᠠᠯ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ᠂ ᠣᠳᠣᠬᠠᠨ ᠤ ᠮᠠᠯ ᠠᠵᠤ ᠠᠬᠤᠢ ᠶᠢᠨ ᠬᠥᠭᠵᠢᠯᠲᠡ ᠵᠢᠴᠢ ᠮᠠᠰᠢᠨ ᠲᠦᠬᠦᠭᠡᠷᠦᠮᠵᠢ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠬᠠᠮᠢᠶ᠎ᠠ ᠪᠦᠬᠦᠢ ᠵᠢᠯᠣᠭᠤᠳᠣᠯᠭ᠎ᠠ ᠬᠠᠩᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠨᠢ ᠠᠮᠣᠭᠤᠯᠠᠩ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠭᠠᠯ ᠢ ᠰᠡᠷᠭᠡᠶᠢᠯᠡᠬᠦ᠂ ᠠᠶᠤᠯᠭᠦᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠲᠡᠭᠡᠭᠡᠪᠦᠷᠢ ᠶᠢᠨ ᠪᠠᠭᠠᠵᠢ ᠬᠡᠷᠡᠭᠰᠡᠯ᠂ ᠠᠵᠢᠯᠲᠠᠨ ᠤ ᠳᠠᠩᠰᠠ ᠡᠪᠬᠡᠮᠡᠯ ᠵᠡᠷᠭᠡ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠬᠦ ᠶᠢᠨ ᠬᠠᠮᠲᠤ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠡᠬᠢᠯᠡᠬᠦ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃      ᠳᠠᠷᠠᠭ᠎ᠠ ᠨᠢ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠭᠤᠲᠠᠯ ᠤᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠰᠤᠮᠤᠨ ᠤ ᠦᠨᠳᠦᠰᠦᠨ ᠪᠠᠶᠢᠳᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ᠂ ᠬᠠᠳᠤᠯᠠᠩ  ᠤᠨ ᠬᠠᠮᠢᠶᠠᠷᠣᠯᠲᠠ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠰᠢᠭᠤ ᠲᠡᠰ ᠤᠨ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠰᠣᠨᠣᠰᠴᠦ ᠬᠠᠷᠢᠭᠤᠯᠲᠠ ᠥᠭᠭᠦᠭᠰᠡᠨ ᠪᠠᠶᠢᠨ᠎ᠠ᠃      ᠴᠠᠩ ᠱᠧᠩ ᠠᠴᠠ ᠴᠢᠬᠤᠯᠠᠴᠢᠯᠠᠭᠰᠠᠨ ᠨᠢ᠂ ᠨᠢᠭᠡ ᠳᠤ ᠣᠲᠣ ᠶᠢᠨ ᠪᠠᠶᠢᠭ᠎ᠠ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠪᠠᠷᠠᠭᠠᠯᠠᠨ᠂ ᠦᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠲᠥᠯᠦᠪᠵᠢᠭᠦᠯᠭᠡ ᠶᠢ ᠰᠠᠶᠢᠲᠤᠷ ᠬᠢᠵᠦ᠂         ︽3+2︾ ᠤᠨ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠦᠷᠭᠦᠯᠵᠢᠯᠡᠨ ᠳᠠᠭᠠᠵᠤ᠂ ᠦᠵᠦᠮᠦᠴᠢᠨ ᠬᠤᠨᠢᠨ ᠤ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ᠂ ᠦᠵᠦᠮᠦᠴᠢᠨ ᠬᠤᠨᠢᠨ ᠤ ᠠᠵᠤ ᠦᠢᠯᠡᠰ ᠤᠨ ᠲᠠᠰᠤᠷᠠᠯᠲᠠ ᠦᠭᠡᠢ ᠰᠢᠯᠢᠳᠡᠭᠵᠢᠨ ᠬᠦᠴᠦᠷᠬᠡᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ︔ ᠬᠤᠶᠠᠷ ᠲᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠵᠠᠮ ᠪᠠ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠤᠬᠠᠭᠤᠯᠭ᠎ᠠ ᠪᠠᠨ ᠴᠢᠩᠭᠠᠳᠬᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂  ᠪᠣᠳᠠᠲᠠᠢ ᠪᠠᠶᠢᠳᠠᠯ  ᠲᠠᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ︽ᠨᠠᠷᠢᠯᠢᠭ ᠮᠠᠯᠵᠢᠬᠤ᠂ ᠴᠦᠬᠡᠨ ᠮᠠᠯᠵᠢᠬᠤ︾ ᠬᠡᠷᠡᠭᠲᠡᠢ︔ ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠮᠣᠭᠤᠯᠠᠩ ᠨᠡᠭᠦᠷᠡᠰᠦᠨ ᠠᠭᠤᠷᠬᠠᠢ ᠶᠢᠨ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠴᠢᠭᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠭᠠᠨ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠬᠦᠯᠬᠦ ᠬᠡᠷᠡᠭᠲᠠᠢ︔ ᠳᠥᠷᠪᠡ ᠳᠤ᠂  ᠨᠡᠶᠢᠭᠡᠮ ᠲᠣᠭᠤᠷᠢᠭ ᠤᠨ ᠠᠷᠢᠭᠤᠨ ᠴᠡᠪᠡᠷ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠬᠢᠷ ᠤᠰᠤ᠂ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠪᠠ ᠨᠡᠶᠢᠭᠡᠮ ᠲᠣᠭᠤᠷᠢᠭ ᠲᠤ ᠲᠥᠪᠯᠡᠷᠡᠭᠦᠯᠦᠨ ᠤᠰᠤ ᠬᠠᠩᠭᠠᠬᠤ ᠵᠡᠷᠭᠡ ᠢᠨᠵᠧᠨᠧᠷᠢᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠵᠣᠷᠯᠣᠩ ᠤᠨ ᠥᠭᠡᠷᠡᠴᠢᠯᠡᠯᠲᠡ᠂ ᠣᠰᠣᠨ ᠬᠤᠭᠤᠯᠠᠢ᠂ ᠡᠪᠳᠡᠷᠬᠡᠢ ᠪᠠᠷᠢᠯᠭ᠎ᠠ᠂ ᠵᠠᠮ᠂ ᠭᠤᠤ ᠰᠤᠪᠠᠭ ᠤᠨ ᠬᠠᠲᠠᠭᠤᠷᠠᠯ ᠢ ᠴᠡᠭᠴᠡᠯᠡᠨ ᠵᠠᠰᠠᠬᠤ ᠡᠷᠴᠢᠮ ᠢ  ᠴᠢᠩᠭᠠᠳᠬᠠᠭᠠᠨ᠂ ᠨᠡᠶᠢᠭᠡᠮ ᠲᠣᠭᠤᠷᠢᠭ ᠤᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠬᠡᠷᠡᠭᠲᠡᠢ︔ ᠲᠠᠪᠤ ᠳᠤ᠂  ᠥᠷᠭᠡᠨ ᠤᠯᠠᠨ ᠮᠠᠯᠴᠢᠨ ᠲᠦᠮᠡᠨ ᠢ ᠤᠷᠢᠶᠠᠯᠠᠨ ᠭᠡᠷ ᠪᠦᠯᠢ ᠶᠢᠨ ᠡᠳᠦᠷ ᠲᠤᠳᠤᠮ ᠤᠨ ᠬᠡᠷᠡᠭᠯᠡᠭᠡ᠂ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠣᠷᠣᠯᠭ᠎ᠠ ᠵᠠᠷᠤᠯᠭ᠎ᠠ ᠶᠢ ᠵᠣᠬᠢᠰᠲᠠᠢ ᠲᠣᠬᠢᠷᠠᠭᠤᠯᠵᠤ᠂ ᠮᠠᠯᠴᠢᠨ ᠲᠦᠮᠡᠨ ᠲᠠᠢ ︽ᠵᠢᠯ ᠣᠰᠣᠨ  ᠤ ᠨᠡᠶᠢᠲᠡ ᠶᠢᠨ ᠭᠡᠷ᠎ᠡ︾ ᠲᠣᠭᠲᠠᠵᠤ᠂ ᠵᠥᠪ ᠣᠨᠣᠪᠴᠢᠲᠠᠢ ᠳᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠬᠤ ᠦᠵᠡᠯᠲᠡ ᠲᠠᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号