ᠠᠯᠲᠠᠨᠬᠢᠯᠢ ᠬᠠᠤᠯᠢ ᠴᠠᠭᠠᠵᠠ ᠶᠢᠨ ᠰᠠᠯᠪᠤᠷᠢ ᠨᠢ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ᠂ ᠰᠢ ᠶᠢᠨ ᠫᠢᠩ ᠤᠨ ᠬᠠᠤᠯᠢ ᠴᠠᠭᠠᠵᠠ ᠶᠢᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ | ᠪᠠᠶᠢᠳᠠᠯ ᠢ ᠠᠬᠢᠭᠤᠯᠬᠤ᠂ ᠠᠮᠤᠷ ᠲᠦᠪᠰᠢᠨ ᠢ ᠪᠠᠲᠤᠯᠠᠬᠤ ᠪᠠᠷ ᠬᠠᠷᠠᠯᠲᠠ ᠪᠤᠯᠭᠠᠨ᠂ ᠰᠢᠨ᠎ᠡ ᠴᠠᠭ ᠦᠶ᠎ᠡ ᠶᠢᠨ | ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠦᠢᠯᠡᠲᠤᠯᠬᠡᠵᠢᠬᠦᠯᠵᠦ᠂ ᠬᠠᠤᠯᠢ ᠴᠠᠭᠠᠵᠠ ᠶᠢᠨ ᠰᠠᠯᠪᠤᠷᠢ | ᠶᠢᠨ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ ᠭᠦᠢᠴᠡᠳᠬᠡᠨ᠂ ᠠᠵᠢᠯ ᠤᠨ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ | ᠦᠢᠯᠡᠴᠢᠯᠡᠭᠡ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ ︽ᠠᠷᠠᠳ ᠤᠨ ᠲᠥᠯᠥᠭᠡ ᠬᠠᠤᠯᠢ ᠪᠠᠷᠢᠬᠤ︾ ᠠᠵᠢᠯᠯᠠᠭ᠎ᠠ ᠶᠢ ᠦᠢᠯᠡᠲᠤᠯᠬᠡᠵᠢᠬᠦᠯᠪᠠ᠃ | ◆︽ᠲᠠᠯ᠎ᠠ ᠨᠤᠲᠤᠭ ᠤᠨ ᠹᠧᠩ ᠴᠢᠶᠣᠣ ᠮᠠᠶ᠋ᠢᠭ︾ ᠤᠨ ᠬᠠᠤᠯᠢ ᠴᠠᠭᠠᠵᠠ ᠶᠢᠨ ᠰᠠᠯᠪᠤᠷᠢ ᠶᠢ ᠡᠭᠦᠳᠦᠨ | ᠪᠠᠶᠢᠭᠤᠯᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠰᠠᠯᠪᠤᠷᠢ ᠶᠢᠨ ᠵᠢᠷᠤᠮᠵᠢᠭᠤᠯᠬᠤ᠂ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠴᠢᠳᠠᠮᠵᠢ ᠪᠦᠷᠢᠨ ᠲᠡᠭᠦᠯᠳᠡᠷ ᠠᠯᠪᠠᠯᠠᠬᠤ ᠠᠯᠪᠠᠨ ᠬᠡᠷ 5 ᠲᠠᠰᠤᠯᠭ᠎ᠠ 150 ᠲᠡᠭᠰᠢ | ᠳᠥᠷᠪᠡᠯᠵᠢᠨ ᠮᠧᠲᠷ ᠰᠢᠨᠠᠳᠬᠡᠨ ᠵᠠᠰᠠᠵᠤ᠂ ᠠᠯᠪᠠᠯᠠᠬᠤ ᠲᠥᠬᠦᠭᠡᠷᠦᠮᠵᠢ ᠶᠢ ᠪᠦᠷᠢᠨ ᠲᠤᠬᠢᠷᠠᠭᠤᠯᠬᠤ ᠶᠢᠨ ᠬᠠᠮᠲᠤ᠂ | ᠵᠥᠭᠡᠯᠡᠨ ᠬᠡᠷᠡᠭᠰᠡᠯ ᠤᠨ ᠮᠠᠲ᠋ᠧᠷᠢᠶᠠᠯ ᠤᠨ ᠵᠢᠷᠤᠮᠵᠢᠯ ᠢ ᠴᠢᠩᠭᠠᠳᠬᠠᠵᠤ᠂ ᠺᠠᠷᠲ ᠬᠦᠰᠦᠨᠦᠭᠲᠦ ᠶᠢᠨ ᠳᠡᠪᠲᠡᠷ ᠤᠨ | ᠫᠠᠶᠢᠰᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ᠂ ᠳᠥᠪᠬᠢᠨᠡᠭᠦᠯᠦᠨ | ᠬᠠᠪᠰᠤᠷᠤᠨ ᠰᠤᠷᠭᠠᠬᠤ᠂ ᠵᠥᠷᠢᠴᠡᠯ ᠵᠢᠭᠤᠷᠭᠠᠨ ᠢ ᠡᠶᠡᠳᠡᠭᠦᠯᠬᠦ ᠲᠠᠩᠰᠠ ᠡᠪᠬᠡᠮᠡᠯ ᠵᠡᠷᠭᠡ ᠡᠯ᠎ᠡ ᠵᠦᠢᠯ ᠤᠨ | ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠳᠤ ᠲᠤᠰᠬᠠᠢ ᠬᠥᠮᠥᠨ ᠬᠠᠷᠢᠭᠤᠴᠠᠵᠤ᠂ | ᠪᠠᠷᠢᠮᠵᠢᠶ᠎ᠠ ᠶᠢ ᠨᠢᠭᠡᠳᠬᠡᠬᠦ᠂ ᠨᠢᠭᠡᠳᠦᠯᠲᠡᠢ ᠦᠢᠯᠡᠳᠬᠦ᠂ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠵᠦ᠂ ᠲᠠᠩᠰᠠ | ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠳᠦᠷᠢᠮᠵᠢᠭᠦᠯᠬᠦ ᠱᠠᠭᠠᠷᠳᠠᠯᠭ᠎ᠠ ᠳᠤ ᠭᠦᠷᠪᠠ᠃ | ◆︽ᠬᠠᠤᠯᠢ ᠴᠠᠭᠠᠵᠠ ᠶᠢᠨ ᠠᠷᠪᠠ ᠶᠢ ᠠᠬᠢᠭᠤᠯᠬᠤ︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠳᠠᠯᠢ | ᠪᠤᠰᠤ ᠭᠥᠯᠢᠶᠡᠨ ᠠᠪᠤᠭᠴᠢᠳ ᠤᠨ ᠬᠠᠤᠯᠢ ᠴᠠᠭᠠᠵᠠ ᠶᠢᠨ ᠲᠠᠯ᠎ᠠ ᠪᠠᠷ ᠬᠢ ᠠᠳᠠᠯᠢ ᠪᠤᠰᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠣᠪᠶᠤᠭ | ᠲᠣᠭᠲᠠᠭᠠᠵᠤ᠂ ᠮᠠᠯᠴᠢᠳ ᠤᠨ ᠵᠠᠬᠢᠶᠠᠯᠠᠭ᠎ᠠ ᠶᠢᠨ ᠬᠠᠭᠤᠳᠠᠰᠤ᠂ ᠬᠠᠤᠯᠢ ᠴᠠᠭᠠᠵᠠ ᠶᠢᠨ ᠰᠠᠯᠪᠤᠷᠢ ᠶᠢᠨ ᠲᠣᠮᠢᠯᠠᠭᠰᠠᠨ | ᠬᠠᠭᠤᠳᠠᠰᠤ᠂ ᠬᠠᠤᠯᠢ ᠤᠬᠠᠭᠤᠯᠤᠭᠴᠢ ᠶᠢᠨ ᠭᠥᠯᠢᠶᠡᠨ ᠠᠪᠬᠤ ᠦᠢᠯᠡᠴᠢᠯᠡᠭᠡ ᠪᠠᠷ ᠳᠠᠮᠵᠢᠭᠤᠯᠤᠨ᠂ ᠨᠠᠷᠢᠯᠢᠭ | ᠤᠨᠤᠪᠴᠢᠲᠠᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠨᠡᠨ ᠬᠦ ᠪᠡᠶᠡᠯᠡᠭᠦᠯᠵᠤ᠂ | ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ᠂ ᠬᠢᠯᠢ ᠶᠢᠨ ᠲᠣᠮᠢᠯᠠᠭᠰᠠᠨ ᠰᠠᠯᠪᠤᠷᠢ ᠵᠡᠷᠭᠡ ᠣᠯᠠᠨ | ᠲᠠᠯ᠎ᠠ ᠶᠢᠨ ᠬᠦᠴᠦᠨ ᠲᠠᠢ ᠬᠤᠯᠪᠤᠭᠠᠯᠠᠨ᠂ ︽3.15︾ ︽4.15︾ ︽12.4︾ ᠵᠡᠷᠭᠡ ᠴᠢᠬᠤᠯᠠ ᠶᠡᠭᠡ | ᠪᠠᠶᠠᠷ ᠤᠨ ᠡᠳᠦᠷ ᠤᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠡᠯ᠎ᠡ ᠲᠥᠷᠥᠯ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ 16 ᠲᠠᠯᠠᠪᠤᠷ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ | 3000 ᠭᠠᠷᠤᠢ ᠬᠤᠪᠢ ᠲᠠᠷᠬᠠᠭᠠᠪᠠ᠃ | ◆︽ᠬᠠᠮᠢᠶᠠᠷᠬᠤ︾ ᠳᠡᠭᠡᠷ᠎ᠡ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ︽ᠡᠵᠡᠮᠳᠡᠬᠦ︾ | ᠳᠡᠭᠡᠷ᠎ᠡ ᠪᠣᠳᠠᠲᠠᠢ ᠠᠷᠭ᠎ᠠ ᠬᠡᠮᠵᠢᠶ᠎ᠡ ᠠᠪᠴᠤ᠂ ᠲᠠᠩᠰᠠᠨ ᠳᠤ ᠪᠠᠶᠢᠭ᠎ᠠ ᠨᠡᠶᠢᠭᠡᠮ ᠲᠣᠭᠤᠷᠢᠭ ᠤᠨ 1 ᠵᠠᠰᠠᠨ | ᠵᠠᠯᠠᠷᠠᠭᠤᠯᠬᠤ ᠡᠲᠡᠭᠡᠳ ᠪᠠ 2 ᠳᠥᠪᠬᠢᠨᠡᠭᠦᠯᠦᠨ ᠬᠠᠪᠰᠤᠷᠤᠨ ᠰᠤᠷᠭᠠᠬᠤ ᠬᠥᠮᠥᠰ ᠲᠤ ᠴᠥᠮ ᠲᠡᠮᠳᠡᠭᠯᠡᠯ ᠳᠤ | ᠬᠦᠰᠦᠨᠦᠭᠲᠦ ᠲᠠᠢ᠂ ᠶᠠᠷᠢᠯᠴᠠᠭ᠎ᠠ ᠳᠤ ᠲᠡᠮᠳᠡᠭᠯᠡᠯ ᠲᠠᠢ᠂ ᠵᠠᠷᠯᠠᠬᠤ ᠳᠤ ᠪᠢᠴᠢᠭ ᠬᠠᠷ᠎ᠠ ᠲᠠᠢ᠂ ᠬᠠᠮᠢᠶᠠᠷᠤᠯᠲᠠ ᠳᠤ | ᠲᠥᠰᠥᠯ ᠲᠠᠢ᠂ ᠠᠵᠢᠯ ᠳᠤ ᠡᠬᠡ ᠲᠠᠩᠰᠠ ᠲᠠᠢ ᠪᠠᠶᠢᠬᠤ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠥᠮᠥᠰ ᠤᠨ | ᠬᠠᠮᠢᠶᠠᠷᠤᠯᠲᠠ ᠡᠵᠡᠮᠳᠡᠯ ᠢ ᠨᠠᠩ ᠵᠢᠷᠤᠮᠵᠢᠭᠤᠨ ᠪᠤᠯᠭᠠᠪᠠ᠃ ᠡᠭᠦᠨ ᠤ ᠬᠠᠮᠲᠤ ᠬᠠᠤᠯᠢ ᠴᠠᠭᠠᠵᠠ ᠶᠢᠨ ᠰᠠᠯᠪᠤᠷᠢ ᠶᠢᠨ | ᠠᠵᠢᠯᠲᠠᠨ᠂ ᠭᠠᠴᠠᠭᠠᠨ ᠤ ᠨᠠᠮ ᠤᠨ ᠡᠭᠦᠷ ᠤᠨ ᠱᠦᠵᠢ᠂ ᠳᠥᠪᠬᠢᠨᠡᠭᠦᠯᠦᠨ ᠬᠠᠪᠰᠤᠷᠤᠨ ᠰᠤᠷᠭᠠᠬᠤ ᠭᠡᠷ ᠪᠦᠯᠢ ᠶᠢᠨ | ᠬᠢᠨ ᠢᠶᠠᠷ ᠪᠦᠷᠢᠯᠳᠦᠭᠦᠨ ᠪᠣᠯᠭᠠᠭᠰᠠᠨ ᠬᠠᠪᠰᠤᠷᠤᠨ ᠰᠤᠷᠭᠠᠬᠤ ᠳᠤᠭᠤᠶᠢᠯᠠᠩ ᠢ ᠪᠠᠶᠢᠭᠤᠯᠵᠤ᠂ ᠭᠡᠷ ᠲᠤᠨᠢ ᠰᠤᠷᠭᠠᠨ | ᠬᠥᠮᠥᠵᠢᠭᠦᠯᠬᠦ ᠬᠥᠮᠥᠨ ᠲᠠᠢ᠂ ᠭᠠᠴᠠᠭᠠᠨ ᠤ ᠱᠠᠲᠤᠨ ᠳᠤ ᠬᠠᠮᠢᠶᠠᠷᠬᠤ ᠬᠥᠮᠥᠨ ᠲᠠᠢ᠂ ᠰᠤᠮᠤᠨ ᠤ ᠱᠠᠲᠤᠨ ᠳᠤ | ᠬᠢᠨᠠᠯᠲᠠ ᠲᠠᠯᠪᠢᠬᠤ ᠬᠥᠮᠥᠨ ᠲᠠᠢ ᠬᠠᠪᠰᠤᠷᠤᠨ ᠰᠤᠷᠭᠠᠬᠤ ᠵᠠᠭᠪᠤᠷ ᠢ ᠪᠡᠶᠡᠯᠡᠭᠦᠯᠵᠦ᠂ ᠵᠣᠯᠭᠠᠭᠤᠯᠤᠨ ᠬᠠᠮᠢᠶᠠᠷᠬᠤ ᠶᠢ | ᠴᠢᠩᠭᠠᠳᠬᠠᠪᠠ᠃ | ◆ᠵᠥᠷᠢᠴᠡᠯ ᠵᠢᠭᠤᠷᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠬᠦ ᠬᠠᠮᠲᠤᠷᠠᠭᠰᠠᠨ ᠬᠤᠷᠠᠯ ᠤᠨ ᠳᠦᠷᠢᠮ ᠪᠠ | ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠬᠤ ᠳᠦᠷᠢᠮ ᠢ ᠪᠠᠶᠢᠭᠤᠯᠵᠤ᠂ ᠰᠠᠷ᠎ᠠ ᠪᠦᠷᠢ | ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ᠂ ᠬᠥᠭᠵᠢᠯᠲᠡ ᠶᠢᠨ | ᠪᠠᠶᠢᠳᠠᠯ ᠢ ᠰᠤᠳᠤᠯᠤᠨ ᠮᠠᠭᠠᠳᠯᠠᠵᠤ᠂ ᠲᠣᠰ ᠰᠠᠷ᠎ᠠ ᠶᠢᠨ ᠵᠢᠭᠰᠠᠭᠠᠨ ᠪᠠᠶᠢᠴᠠᠭᠠᠬᠤ᠂ ᠠᠷᠢᠯᠭᠠᠬᠤ ᠪᠠ ᠦᠯᠡᠳᠡᠭᠳᠡᠯ | ᠠᠰᠠᠭᠤᠳᠠᠯ ᠢ ᠰᠤᠳᠤᠯᠤᠨ ᠶᠠᠷᠢᠯᠴᠠᠵᠤ᠂ ᠵᠥᠷᠢᠴᠡᠯ ᠢ ᠦᠨᠳᠦᠰᠦᠨ ᠱᠠᠲᠤᠨ ᠳᠤ ᠠᠷᠢᠯᠭᠠᠵᠤ᠂ ᠰᠣᠶᠣᠭᠠᠯᠠᠯ ᠳᠤᠨᠢ | ᠤᠰᠠᠳᠬᠠᠬᠤ ᠶᠢ ᠦᠨᠡᠨᠬᠦ ᠪᠡᠶᠡᠯᠡᠭᠦᠯᠵᠤ᠂ ᠠᠷᠠᠳ ᠤᠨ ᠡᠶᠡᠳᠡᠭᠦᠯᠭᠡ ᠶᠢᠨ ᠠᠵᠢᠯ ᠢ ᠰᠢᠯᠢᠳᠡᠭᠵᠢᠭᠦᠯᠵᠦ᠂ ᠤᠯᠠᠨ | ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠬᠢᠲᠠᠢ ᠰᠢᠢᠳᠪᠦᠷᠢᠯᠡᠵᠦ᠂ | ᠮᠠᠯ ᠠᠵᠤ ᠠᠬᠤᠢ ᠶᠢᠨ ᠪᠠᠶᠢᠴᠠᠭᠠᠨ ᠰᠤᠳᠤᠯᠤᠯᠲᠠ ᠬᠢᠬᠦ᠂ ᠬᠤᠣᠰ ᠳᠠᠭᠠᠳᠬᠠᠯ ᠢ ᠬᠤᠷᠢᠶᠠᠨ ᠲᠤᠰᠢᠶᠠᠬᠤ ᠵᠡᠷᠭᠡ | ᠠᠵᠢᠯ ᠲᠠᠢ ᠤᠶᠠᠯᠳᠤᠭᠤᠯᠤᠨ ᠵᠥᠷᠢᠴᠡᠯ ᠵᠢᠭᠤᠷᠭᠠᠨ ᠮᠦᠷᠲᠠᠨ ᠪᠠᠶᠢᠴᠠᠭᠠᠬᠤ ᠠᠵᠢᠯᠯᠠᠭ᠎ᠠ 23 ᠤᠳᠠᠭ᠎ᠠ | ᠦᠷᠨᠢᠬᠦᠯᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ 7 ᠤᠳᠠᠭ᠎ᠠ ᠡᠶᠡᠳᠡᠭᠦᠯᠦᠨ ᠰᠢᠢᠳᠪᠦᠷᠢᠯᠡᠵᠦ᠂ | ᠡᠶᠠᠲᠠᠬᠦᠯᠤᠭ᠍ᠰᠠᠨ ᠨᠤᠷᠮ᠎ᠠ ᠨᠢ 100% ᠳᠤ ᠬᠦᠷᠪᠡ᠃ |