ᠤᠷᠤᠰᠢᠭᠤᠯᠭ᠎ᠠ ᠶᠢᠨ ᠦᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠦᠢᠯᠡᠳᠦᠯᠭᠡᠵᠢᠭᠦᠯᠵᠦ᠂ ᠵᠠᠩ ᠳᠠᠳᠬᠠᠯ ᠢᠶᠠᠨ ᠦᠭᠡᠷᠡᠴᠢᠯᠡᠨ ᠰᠢᠨ᠎ᠡ ᠬᠡᠪ ᠰᠤᠷᠲᠠᠯ ᠢ ᠭᠦᠳᠦᠯᠦᠨ ᠳᠠᠭᠠᠭᠤᠯᠤᠶ᠎ᠠ
ᠨᠡᠶᠢᠲᠡᠯᠡᠭᠰᠡᠨ ᠴᠠᠭ᠄
2025/1/14
     ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ᠂ ᠠᠷᠪᠢᠴᠢ          ᠭᠠᠮᠲᠠᠶ᠂ ᠪᠣᠬᠢᠷᠲᠤᠯ ᠦᠭᠡᠶ ᠣᠷᠣᠰᠢᠭᠤᠯᠭ᠎ᠠ ᠶᠢᠨ ᠰᠢᠨ᠎ᠡ ᠦᠵᠡᠯᠲᠡ ᠶᠢ ᠪᠤᠶ ᠪᠤᠯᠭᠠᠵᠦ᠂  ᠵᠠᠩ ᠳᠠᠳᠬᠠᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠶᠡᠬᠡᠪᠡᠷ ᠰᠠᠨᠠᠭᠠᠴᠢᠯᠠᠵᠤ᠂ ᠪᠣᠯᠪᠠᠰᠤᠨ ᠤ ᠴᠡᠴᠡᠭ ᠢ ᠨᠡᠶᠢᠭᠡᠮ ᠲᠣᠭᠤᠷᠢᠭ ᠤᠨ ᠥᠨᠴᠥᠭ ᠪᠤᠯᠤᠩ ᠪᠣᠯᠭᠠᠨ ᠳᠤ ᠳᠡᠯᠭᠡᠷᠡᠭᠦᠯᠭᠦ ᠶᠢᠨ ᠲᠦᠯᠦᠭᠡ᠂ 12 ᠰᠠᠷ᠎ᠠ ᠶᠢᠨ 26 ᠤ ᠡᠳᠦᠷ᠂ ᠰᠦᠨᠪᠤᠯᠠᠭ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ                   ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠤᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠸᠢᠴᠠᠲ ᠤᠨ  ᠬᠤᠯᠪᠤᠭᠠᠨ ᠳᠤᠮᠳᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠵᠢᠷᠤᠭ ᠪᠢᠴᠢᠭ ᠢ ᠬᠤᠣᠰᠯᠠᠭᠤᠯᠤᠭᠰᠠᠨ᠂ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠠᠮᠢ ᠠᠬᠤᠶ ᠶᠢᠨ ᠣᠷᠣᠰᠢᠭᠤᠯᠭ᠎ᠠ ᠶᠢᠨ ᠬᠠᠤᠯᠢ ᠶᠢᠨ ᠣᠯᠠᠨ ᠶᠠᠩᠵᠤ ᠶᠢᠨ ᠬᠡᠯᠪᠡᠷᠢ ᠵᠢᠴᠢ ᠲᠡᠭᠦᠨ ᠤ ᠠᠯᠢ ᠣᠯᠠᠨ ᠠᠰᠢᠭ ᠲᠤᠰᠠ ᠶᠢ ᠲᠠᠨᠢᠯᠴᠠᠭᠤᠯᠪᠠ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠡᠯ᠎ᠡ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ᠂ ᠰᠠᠭᠤᠭᠠᠯᠢ ᠠᠷᠠᠳ ᠲᠠᠢ ᠨᠢᠭᠤᠷᠲᠠᠨ ᠶᠠᠷᠢᠯᠴᠠᠵᠤ᠂ ᠳᠣᠲᠣᠨᠣ ᠪᠣᠷᠣᠭᠵᠢᠭᠤᠨ ᠦᠭᠡ ᠶᠠᠷᠢᠶ᠎ᠠ ᠪᠠᠷ ᠰᠠᠭᠤᠭᠠᠯᠢ ᠠᠷᠠᠳ ᠲᠤ ᠠᠮᠢ ᠠᠬᠤᠶ ᠶᠢᠨ ᠣᠷᠣᠰᠢᠭᠤᠯᠭ᠎ᠠ ᠶᠢᠨ ᠬᠠᠤᠯᠢ ᠶᠢᠨ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ ᠵᠡᠷᠭᠡ ᠲᠠᠯ᠎ᠠ ᠪᠠᠷ ᠬᠢ ᠲᠣᠪᠤᠶᠢᠮ᠎ᠠ ᠳᠠᠪᠠᠭᠤᠯᠢᠭ ᠢ ᠨᠠᠷᠢᠨ ᠨᠢᠮᠪᠠᠶ ᠲᠠᠶᠢᠯᠪᠤᠷᠢᠯᠠᠵᠦ᠂ ᠤᠯᠠᠮᠵᠢᠯᠠᠯᠲᠤ ᠣᠷᠣᠰᠢᠭᠤᠯᠭ᠎ᠠ ᠶᠢᠨ ᠳᠤᠮᠳᠠ ᠣᠷᠣᠰᠢᠵᠤ ᠪᠠᠶᠢᠭ᠎ᠠ ᠶᠡᠭᠡ ᠪᠠᠷ ᠪᠠᠵᠠᠭᠠᠵᠤ ᠶᠡᠭᠡ ᠪᠠᠷ ᠬᠢᠭᠰᠡᠨ ᠠᠴᠠ ᠪᠣᠯᠵᠤ ᠪᠦᠷᠢᠯᠭᠡᠨ ᠰᠦᠢᠳᠬᠡᠬᠦ᠂ ᠬᠦᠨᠳᠦ ᠪᠠᠷ ᠣᠷᠣᠰᠢᠭᠤᠯᠵᠤ ᠪᠠᠭ᠎ᠠ ᠪᠠᠷ ᠠᠰᠠᠷᠠᠨ ᠲᠡᠵᠢᠭᠡᠬᠦ ᠨᠢ ᠠᠴᠢᠯᠠᠯᠲᠤ ᠶᠣᠰᠣᠨ ᠤ ᠦᠨᠡᠨ ᠶᠣᠰᠣ ᠠᠴᠠ ᠲᠡᠷᠰᠯᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠳᠤ ᠴᠢᠭᠯᠡᠭᠦᠯᠦᠨ᠂ ᠰᠠᠶᠢᠨ  ᠳᠤᠷᠠᠴᠤᠳ ᠰᠡᠳᠬᠢᠯ ᠢᠶᠠᠨ ᠢᠯᠡᠳᠬᠡᠵᠦ᠂ ᠶᠣᠰᠣ ᠤᠴᠢᠷ ᠢ ᠣᠶᠢᠯᠠᠭᠠᠵᠤ᠂ ᠰᠠᠭᠤᠭᠠᠯᠢ ᠠᠷᠠᠳ ᠢ ᠴᠠᠭ ᠦᠶ᠎ᠡ ᠳᠤ ᠥᠯᠥ ᠨᠡᠶᠢᠴᠡᠬᠦ ᠡᠳᠡᠭᠡᠷ ᠬᠠᠭᠤᠴᠢᠨ ᠦᠵᠡᠯᠲᠡ ᠪᠠᠨ ᠵᠣᠷᠢᠭᠲᠠᠶ ᠪᠠᠷ ᠲᠠᠶᠠᠭᠳᠠᠨ᠂ ᠪᠣᠯᠪᠠᠰᠤᠨ ᠰᠢᠨ᠎ᠡ ᠬᠡᠯᠪᠡᠷᠢ ᠳᠤ ᠰᠢᠯᠵᠢᠬᠦ ᠶᠢ ᠵᠣᠷᠢᠭᠵᠢᠭᠤᠯᠵᠠᠶ᠃      ᠲᠣᠰ ᠤᠳᠠᠭᠠᠨ ᠤ ᠠᠵᠢᠯᠯᠠᠭ᠎ᠠ ᠳᠤ ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠩ ᠳᠠᠳᠬᠠᠯ ᠢ ᠥᠭᠡᠷᠡᠴᠢᠯᠡᠬᠦ ᠶᠢ ᠳᠥᠯᠭᠢᠨ ᠠᠬᠢᠭᠤᠯᠤᠶ᠎ᠠ︾ ᠭᠡᠬᠦ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡ 50 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠤᠬᠠᠶ ᠲᠠᠨᠢᠯᠲᠠ ᠪᠠ ᠮᠡᠳᠡᠷᠡᠮᠵᠢ ᠶᠢ ᠢᠯᠡᠳᠲᠡ ᠳᠡᠭᠡᠭᠰᠢᠯᠡᠭᠦᠯᠵᠦ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠬᠤᠶᠢᠰᠢᠳᠠ᠂ ᠰᠦᠨᠪᠤᠯᠠᠭ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠣᠷᠳᠣ ᠬᠤᠭᠤᠴᠠᠭ᠎ᠠ ᠪᠠᠷ ᠳᠥᠯᠭᠢᠨ ᠠᠬᠢᠭᠤᠯᠵᠤ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ ᠵᠠᠩ ᠳᠠᠳᠬᠠᠯ ᠢ ᠥᠭᠡᠷᠡᠴᠢᠯᠡᠬᠦ ᠶᠢ ᠨᠡᠶᠢᠭᠡᠮ ᠲᠣᠭᠤᠷᠢᠭ ᠤᠨ ᠪᠠᠶᠢᠩᠭᠤ ᠶᠢᠨ ᠬᠡᠪ ᠰᠤᠷᠲᠠᠯ ᠪᠣᠯᠭᠠᠨ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠳᠤ ᠪᠣᠯᠪᠠᠰᠤᠨ ᠤ ᠥᠩᠭᠡ ᠪᠤᠳᠤᠭ ᠨᠡᠮᠡᠷᠢᠯᠡᠵᠦ᠂ ᠪᠣᠯᠪᠠᠰᠤᠨ ᠤ ᠴᠡᠴᠡᠭ ᠢ ᠰᠦᠨᠪᠤᠯᠠᠭ ᠨᠡᠶᠢᠭᠡᠮ ᠲᠣᠭᠤᠷᠢᠭ ᠲᠤ ᠦᠷᠭᠦᠯᠵᠢᠯᠡᠨ ᠪᠠᠳᠠᠷᠠᠭᠤᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号