ᠥᠩᠲᠤ ᠨᠡᠶᠢᠭᠡᠮ ᠲᠣᠭᠤᠷᠢᠭ ᠤᠨ ︽ᠲᠡᠷᠢᠭᠦᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
      ᠤᠢᠢᠷ᠎ᠠ ᠶᠢᠨ ᠡᠳᠦᠷ᠂ ᠥᠩᠲᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠬᠦᠷ ᠬᠥᠭᠵᠢᠶᠡᠨ ᠲᠠᠢ ᠲᠥᠪ ᠬᠢᠴᠢᠶᠡᠩᠭᠦᠢ ᠠᠭᠤᠷ ᠠᠮᠢᠰᠬᠤᠯ ᠢᠶᠠᠷ ᠪᠢᠯᠬᠠᠵᠤ᠂ ᠬᠥᠮᠦᠰ ᠤᠨ ᠠᠩᠬᠠᠷᠤᠯ ᠢ ᠲᠠᠲᠠᠭᠰᠠᠨ ︽ᠲᠡᠷᠢᠭᠦᠨ ᠤ ᠴᠤᠬ ᠵᠢᠪᠬᠤᠭ᠎ᠠ ᠪᠠᠨ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠬᠤ︾ 2024 ᠣᠨ ᠤ ︽ᠬᠠᠮᠤᠭ ᠤᠨ ᠭᠤᠶᠤ︾ ᠬᠥᠮᠦᠰ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠪᠡ᠃      ᠰᠢᠯᠭᠠᠷᠠᠭᠤᠯᠬᠤ ᠠᠵᠢᠯᠯᠠᠭ᠎ᠠ ᠡᠬᠢᠯᠡᠭᠰᠡᠨ ᠠᠴᠠ ᠨᠠᠰᠢ᠂ ᠥᠩᠲᠤ ᠨᠡᠶᠢᠭᠡᠮ ᠲᠣᠭᠤᠷᠢᠭ ᠡᠷᠬᠡ ᠲᠡᠭᠰᠢ᠂ ᠲᠥᠪ ᠭᠤᠣᠯᠴᠢ᠂ ᠢᠯᠠ ᠪᠠᠶᠢᠬᠤ ᠵᠠᠷᠴᠢᠮ ᠢ ᠪᠠᠷᠢᠮᠲᠠᠯᠠᠵᠤ᠂ ᠰᠠᠭᠤᠭᠠᠯᠢ ᠠᠷᠠᠳ ᠥᠪᠡᠷ ᠢ ᠪᠠᠨ ᠲᠠᠨᠢᠯᠴᠠᠭᠤᠯᠬᠤ᠂ ᠬᠥᠷᠰᠢ ᠵᠡᠷᠭᠡᠯᠡᠳᠡᠭᠡ ᠪᠠᠷ ᠢᠶᠠᠨ ᠲᠠᠨᠢᠯᠴᠠᠭᠤᠯᠬᠤ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠵᠡᠷᠭᠡ ᠤᠯᠠᠨ ᠡᠰᠢᠲᠦ ᠠᠷᠭ᠎ᠠ ᠵᠠᠮ ᠢᠶᠠᠷ ᠵᠢᠱᠢᠭᠳᠡᠭᠴᠢ ᠶᠢ ᠥᠷᠭᠡᠨ ᠢᠶᠠᠷ ᠡᠯᠰᠡᠵᠦ᠂ ︽ᠬᠠᠮᠤᠭ ᠤᠨ ᠭᠤᠶᠤ ᠬᠥᠷᠰᠢ ᠵᠡᠷᠭᠡᠯᠡᠳᠡᠭᠡ︾ ︽ᠬᠠᠮᠤᠭ ᠤᠨ ᠭᠤᠶᠤ ᠨᠢᠭᠡᠴᠡ︾ ︽ᠬᠠᠮᠤᠭ ᠤᠨ ᠭᠤᠶᠤ ᠪᠢᠴᠢᠭ ᠤᠨ ᠰᠤᠷᠪᠤᠯᠵᠢᠲᠤ ᠭᠡᠷ ᠪᠦᠯᠢ︾ ︽ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠬᠠᠮᠤᠭ ᠤᠨ ᠭᠤᠶᠤ ᠭᠡᠷ ᠪᠦᠯᠢ︾          ︽ᠬᠠᠮᠤᠭ ᠤᠨ ᠭᠤᠶᠤ ᠰᠠᠶᠢᠨ ᠳᠤᠷ᠎ᠠ ᠶᠢᠨ ᠠᠵᠢᠯᠯᠠᠭᠴᠢ︾ ᠵᠡᠷᠭᠡ 9 ᠢᠷᠠᠭᠤ ᠠᠯᠳᠠᠷ ᠤᠨ ᠲᠦᠷᠦᠯ ᠵᠦᠢᠯ ᠤᠨ 30 ᠭᠠᠷᠮᠠᠭᠠᠢ ᠲᠥᠯᠥᠭᠡᠯᠡᠭᠴᠢ ᠶᠢ ᠰᠣᠩᠭᠤᠨ ᠭᠠᠷᠭᠠᠵᠠᠢ᠃ ᠲᠠᠳᠠ ᠠᠳᠠᠯᠢ ᠪᠤᠰᠤ ᠨᠠᠰᠤᠨ ᠤ ᠳᠠᠪᠬᠤᠷᠭ᠎ᠠ᠂ ᠠᠳᠠᠯᠢ ᠪᠤᠰᠤ ᠠᠵᠢᠯ ᠮᠡᠷᠭᠡᠵᠢᠯ ᠤᠨ ᠠᠬᠤᠶ ᠪᠠᠶᠢᠳᠠᠯ ᠠᠴᠠ ᠢᠷᠡᠭᠰᠡᠨ ᠪᠣᠯᠪᠠᠴᠤ ᠬᠠᠮᠲᠤ ᠶᠢᠨ ᠬᠠᠶᠢᠷ᠎ᠠ ᠬᠠᠯᠠᠮᠵᠢ ᠪᠣᠯᠤᠨ ᠬᠠᠷᠢᠭᠤᠴᠠᠯᠭ᠎ᠠ ᠨᠢ ᠨᠡᠶᠢᠭᠡᠮ ᠲᠣᠭᠤᠷᠢᠭ ᠤᠨ ᠣᠶᠤᠨ ᠰᠠᠨᠠᠭᠠᠨ ᠤ ᠬᠠᠯᠠᠮᠵᠢ ᠶᠢᠨ ᠳᠣᠰᠠᠯᠠᠮᠵᠢ ᠪᠤᠯᠵᠤ ᠢᠷᠡᠭᠰᠡᠨ ᠶᠤᠮ᠃      ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠤᠬᠠᠢ ᠶᠢᠨ ᠡᠳᠦᠷ᠂ ᠨᠡᠶᠢᠭᠡᠮ ᠲᠣᠭᠤᠷᠢᠭ ᠤᠨ ᠡᠯ᠎ᠡ ᠡᠲᠡᠭᠡᠳ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ︽ᠬᠠᠮᠤᠭ ᠤᠨ ᠭᠤᠶᠤ︾ ᠬᠥᠮᠦᠰ ᠤᠨ ᠳᠤᠮᠳᠠ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠡᠳᠦᠨ ᠠᠷᠪᠠᠨ ᠵᠢᠯ ᠭᠦᠨᠵᠡᠭᠡᠶᠢᠷᠡᠭᠦᠯᠦᠭᠰᠡᠨ᠂ ᠡᠶ᠎ᠡ ᠵᠣᠬᠢᠴᠠᠩᠭᠤᠢ ᠲᠣᠭᠲᠠᠭᠤᠨ ᠤ ᠲᠥᠯᠥᠭᠡ ᠤᠶᠤᠨ ᠤᠬᠠᠭᠠᠨ ᠢᠶᠠᠨ ᠰᠢᠪᠬᠠᠭᠰᠠᠨ ᠠᠬᠠᠮᠠᠳ ᠨᠠᠮ ᠤᠨ ᠭᠡᠰᠢᠭᠦᠨ᠂ ᠬᠤᠪᠢ ᠴᠠᠭ ᠢᠶᠠᠨ  ᠬᠠᠶᠢᠬᠤᠷᠤᠯ ᠦᠭᠡᠢ ᠤᠯᠠᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠯᠡᠨ ᠣᠷᠣᠯᠴᠠᠵᠤ᠂ ᠬᠥᠮᠥᠰ ᠤᠨ ᠬᠦᠴᠢᠷᠳᠡᠯ ᠲᠠᠢ ᠪᠦᠬᠦᠨ ᠢ ᠰᠢᠢᠳᠪᠦᠷᠢᠯᠡᠵᠤ ᠬᠠᠶᠢᠷ᠎ᠠ ᠬᠠᠯᠠᠮᠵᠢ ᠪᠠᠨ ᠬᠦᠷᠳᠡᠭᠰᠡᠳ᠂ ᠰᠠᠭᠤᠭᠠᠯᠢ ᠠᠷᠠᠳ ᠤᠨ ᠤᠶᠤᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠰᠣᠶᠣᠯ ᠤᠨ ᠭᠠᠷᠮᠠᠭᠠᠶ ᠬᠥᠮᠦᠰ᠂ ᠪᠠᠰᠠ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠥᠪᠡᠷ ᠤᠨ ᠰᠠᠶᠢᠨ ᠦᠢᠯᠡ ᠠᠵᠢᠯᠯᠠᠭ᠎ᠠ ᠪᠠᠷ ᠢᠶᠠᠨ ᠬᠠᠯᠠᠭᠤᠨ ᠳᠤᠯᠠᠭᠠᠨ ᠢ ᠳᠠᠮᠵᠢᠭᠤᠯᠵᠤ᠂ ᠬᠥᠷᠰᠢ ᠵᠡᠷᠭᠡᠯᠡᠳᠡᠭᠡ ᠶᠢᠨ ᠢᠶᠠᠨ ᠪᠦᠯᠬᠦᠮᠳᠡᠯ ᠨᠥᠬᠦᠷᠯᠡᠯ ᠢ ᠠᠬᠢᠭᠤᠯᠵᠤ ᠶᠠᠪᠤᠭᠰᠠᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠪᠤᠯᠤᠨ᠎ᠠ᠃ ᠱᠠᠩᠨᠠᠯ ᠬᠦᠷᠲᠡᠭᠴᠢ ᠨᠢᠭᠡᠪᠦᠷᠢ ᠶᠢᠨ ᠭᠠᠷ ᠲᠠᠬᠢ ᠢᠷᠠᠭᠤ ᠠᠯᠳᠠᠷ ᠤᠨ ᠦᠨᠡᠮᠯᠡᠯ ᠨᠢ ᠬᠤᠪᠢ ᠬᠥᠮᠦᠨ ᠤ ᠰᠢᠷᠭᠠᠭᠤ ᠴᠢᠷᠮᠠᠶᠢᠯᠭ᠎ᠠ ᠶᠢᠨ ᠲᠤᠬᠠᠶ ᠵᠥᠪᠰᠢᠶᠡᠷᠡᠯ ᠪᠣᠯᠬᠤ ᠪᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠤᠨ ᠥᠷᠲᠡᠭ ᠤᠨ ᠤᠳᠤᠷᠢᠳᠤᠮᠵᠢ ᠶᠢᠨ ᠢᠯᠡ ᠲᠣᠳᠣ ᠢᠯᠡᠷᠡᠯ ᠪᠣᠯᠬᠤ ᠶᠤᠮ᠃      ᠲᠣᠰ ᠤᠳᠠᠭᠠᠨ ᠤ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠨᠢ ᠤᠷᠤᠭᠰᠢᠯᠠᠬᠤ ᠳᠠᠪᠰᠢᠬᠤ ᠬᠤᠰᠢᠭᠤᠴᠢ ᠪᠤᠯᠵᠤ᠂ ᠥᠩᠲᠤ ᠨᠡᠶᠢᠭᠡᠮ ᠲᠣᠭᠤᠷᠢᠭ ᠢ ᠬᠥᠲᠥᠯᠦᠨ ᠳᠠᠭᠠᠭᠤᠯᠵᠤ ᠪᠠᠶᠢᠭᠠᠳ ᠪᠣᠯᠪᠠᠰᠤᠨ ᠤ ᠳᠠᠪᠰᠢᠯᠲᠠ᠂ ᠪᠦᠯᠬᠦᠮᠳᠡᠨ ᠲᠡᠮᠡᠴᠡᠬᠦ ᠰᠢᠨ᠎ᠡ ᠦᠨᠳᠦᠷᠴᠡ ᠳᠠᠰᠢ ᠤᠷᠤᠭᠰᠢᠯᠠᠭᠤᠯᠵᠤ᠂ ᠨᠡᠶᠢᠭᠡᠮ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠨᠠᠩ ᠬᠡᠷᠡᠯ ᠭᠢᠯᠪᠠᠭ᠎ᠠ ᠲᠠᠢ ᠪᠣᠯᠭᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号