12 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ ᠨᠡᠷ ᠰᠠᠮᠠᠢ ᠰᠤᠮᠤᠨ ᠳᠤ ᠭᠦᠨᠵᠡᠭᠡᠶᠢᠷᠡᠨ ᠭᠤᠤᠯᠳᠠᠯᠭ᠎ᠠ ᠲᠠᠢ | ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠭᠡᠰᠢᠭᠦᠨ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠷᠢᠯᠴᠠᠨ ᠰᠣᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ | ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠤᠮᠤᠨ ᠤ ᠤᠳᠤᠷᠢᠳᠬᠤ ᠪᠠᠭ ᠤᠨ ᠠᠵᠢᠯᠯᠠᠭᠠᠨ ᠤ ᠪᠠᠶᠢᠳᠠᠯ ᠵᠢᠴᠢ ᠵᠠᠯᠠᠭᠤ ᠺᠠᠳ᠋ᠷ ᠢ ᠬᠥᠮᠦᠵᠢᠭᠦᠯᠬᠦ ᠪᠠ | ᠨᠥᠭᠡᠴᠡᠯᠡᠬᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ | ᠤᠷᠤᠭᠰᠢᠯᠠᠬᠤ︾ ᠣᠯᠠᠨ ᠲᠦᠮᠡᠨᠴᠢ ᠬᠥᠮᠦᠵᠢᠯ᠂ ᠦᠨᠳᠦᠰᠦᠨ ᠱᠠᠲᠤᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠬᠤ᠂ ᠬᠢᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ᠂ ᠬᠠᠮᠲᠤ ᠶᠢᠨ ᠠᠵᠤ | ᠠᠬᠤᠶ ᠶᠢᠨ ᠬᠥᠭᠵᠢᠯᠲᠡ᠂ ᠳᠡᠭᠡᠷ᠎ᠡ ᠵᠢᠯ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ | ᠦᠨᠡᠯᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠱᠦᠵᠢ ᠶᠢᠨ ᠲᠥᠷᠥᠯ ᠵᠦᠢᠯ ᠢ ᠠᠬᠢᠭᠤᠯᠬᠤ᠂ | ᠭᠠᠴᠠᠭᠠᠨ ᠤ ᠪᠡᠯᠡᠳᠬᠡᠯ ᠬᠦᠴᠦᠨ ᠢ ᠪᠤᠶᠢᠵᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠭᠠᠴᠠᠭᠠᠨ ᠤ ᠪᠡᠯᠡᠳᠬᠡᠯ | ᠬᠦᠴᠦᠨ ᠢ ᠪᠤᠶᠢᠵᠢᠭᠤᠯᠤᠨ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠮᠦᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠠᠰ ᠬᠤᠪᠢᠶᠠᠬᠤ᠂ ᠲᠥᠷᠥᠯ ᠬᠤᠪᠢᠶᠠᠬᠤ᠂ ᠭᠤᠤᠯᠳᠠᠯᠭ᠎ᠠ ᠬᠤᠪᠢᠶᠠᠨ | ᠬᠥᠮᠦᠵᠢᠭᠦᠯᠬᠦ ᠲᠥᠰᠦᠯ ᠢ ᠲᠣᠭᠲᠠᠭᠠᠵᠤ᠂ ᠪᠣᠳᠠᠲᠠᠶ ᠬᠥᠮᠦᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠪᠦᠲᠦᠴᠡ ᠨᠢ ᠨᠠᠩ ᠰᠢᠯᠢᠳᠡᠭ᠂ ᠬᠡᠪ ᠴᠢᠨᠠᠷ ᠨᠢ ᠨᠠᠩ ᠴᠢᠩᠭ᠎ᠠ ᠭᠠᠴᠠᠭᠠᠨ ᠤ ᠺᠠᠳ᠋ᠷ ᠤᠨ ᠡᠩᠨᠡᠭᠡ ᠶᠢ ᠬᠦᠴᠦᠯᠡᠨ | ᠪᠠᠶᠢᠭᠤᠯᠵᠤ᠂ ᠣᠯᠠᠨ ᠲᠦᠮᠡᠨ ᠬᠠᠨᠤᠮᠵᠢᠲᠠᠶ᠂ ᠵᠣᠬᠢᠶᠠᠨ ᠪᠠᠶᠢᠭᠤᠯᠤᠯᠲᠠ ᠰᠠᠨᠠᠭ᠎ᠠ ᠠᠮᠤᠷ ᠪᠡᠯᠡᠳᠬᠡᠯ ᠵᠢᠱᠢᠭᠳᠡᠭᠴᠢ ᠶᠢ | ᠦᠨᠡᠨ ᠬᠦ ᠰᠠᠶᠢᠲᠤᠷ ᠨᠥᠭᠡᠴᠡᠯᠡᠵᠦ᠂ ᠰᠠᠶᠢᠲᠤᠷ ᠪᠤᠶᠢᠵᠢᠭᠤᠯᠬᠤ ᠬᠡᠷᠡᠭᠲᠡᠶ᠃ ᠬᠤᠶᠠᠷ ᠲᠤ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠡᠭᠴᠡᠯᠡᠯᠲᠡ ᠶᠢᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠨᠠᠮ ᠤᠨ | ᠭᠡᠰᠢᠭᠦᠨ ᠢ ᠬᠥᠭᠵᠢᠭᠦᠯᠬᠦ ᠪᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭ᠎ᠠ ᠠᠳᠬᠤᠵᠤ᠂ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠲᠠᠶᠢᠴᠢᠨ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠬᠦ᠂ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠡᠯ᠎ᠡ ᠵᠦᠢᠯ ᠤᠨ ᠠᠵᠢᠯ ᠤᠨ ᠲᠤᠰᠤᠯᠳᠠ | ᠪᠣᠯᠭᠠᠵᠤ᠂ ᠦᠢᠯᠡᠴᠢᠯᠡᠭᠡᠨ ᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ ᠶᠢᠨ ᠬᠠᠮᠲᠤ ᠮᠠᠯᠴᠢᠨ ᠠᠷᠠᠳ ᠤᠨ | ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ | ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠬᠤ︾ | ᠤᠯᠠᠨ ᠲᠦᠮᠡᠨᠴᠢ ᠬᠥᠮᠦᠵᠢᠯ ᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠵᠤ᠂ ᠮᠠᠯᠴᠢᠨ ᠲᠦᠮᠡᠨ ᠳᠤ ᠦᠨᠡᠨᠬᠦ | ᠬᠤᠪᠢᠷᠠᠯᠲᠠ ᠶᠢ ᠬᠠᠷᠠᠭᠤᠯᠵᠤ᠂ ᠦᠷ᠎ᠡ ᠪᠦᠲᠦᠮᠵᠢ ᠣᠯᠵᠤ᠂ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ |