ᠰᠠᠮᠠᠢ ᠰᠤᠮᠤ ᠨᠢ ᠪᠣᠳᠠᠲᠠᠢ ᠠᠵᠢᠯᠯᠠᠵᠦ ᠪᠣᠳᠠᠲᠤ ᠦᠷ᠎ᠡ ᠪᠦᠲᠦᠮᠵᠢ ᠪᠠᠷ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/1/14
      2024 ᠤᠨ ᠳᠤ᠂ ᠰᠠᠮᠠᠢ ᠰᠤᠮᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠦᠪᠯᠡᠷᠡᠭᠦᠯᠦᠨ᠂ ᠶᠡᠭᠡ ᠲᠠᠯ᠎ᠠ ᠳᠤ ᠦᠢᠯᠡᠴᠢᠯᠡᠵᠦ᠂ ᠤᠨᠤᠯ ᠢᠶᠠᠷ ᠵᠡᠪᠰᠡᠭᠯᠡᠬᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠵᠦ ᠴᠢᠳᠠᠪᠤᠷᠢᠲᠠᠨ ᠢ ᠴᠤᠭᠯᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠠᠶᠢᠨ ᠰᠠᠶᠢᠬᠠᠨ ᠰᠠᠮᠠᠢ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃      ᠰᠡᠳᠭᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠵᠦ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤ ᠶᠢ ᠰᠤᠷᠤᠯᠴᠠᠵᠤ ᠬᠤᠯᠪᠣᠭᠠᠯᠠᠨ ᠬᠥᠳᠡᠯᠦᠯᠴᠡᠬᠦ︾ ᠵᠠᠭᠪᠤᠷ ᠢᠶᠠᠷ ᠳᠠᠮᠵᠢᠭᠤᠯᠵᠤ᠂ ᠬᠤᠰᠢᠭᠤ ᠲᠡᠰ ᠤᠨ ᠤᠳᠤᠷᠢᠳᠤᠯᠭ᠎ᠠ 2 ᠤᠳᠠᠭ᠎ᠠ ᠨᠠᠮ ᠤᠨ ᠬᠢᠴᠢᠶᠡᠯ ᠣᠷᠣᠵᠤ᠂ ᠨᠠᠮ ᠤᠨ ᠬᠤᠷᠢᠶᠠᠨ ᠤ ᠱᠦᠵᠢ 5 ᠤᠳᠠᠭ᠎ᠠ ᠨᠠᠮ ᠤᠨ ᠬᠢᠴᠢᠶᠡᠯ ᠣᠷᠣᠵᠤ᠂ ᠦᠨᠳᠦᠰᠦᠨ ᠱᠠᠲᠤᠨ ᠳᠤ 10 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠲᠤᠰᠬᠠᠢ ᠰᠡᠳᠦᠪᠲᠦ ᠲᠠᠶᠢᠯᠤᠮᠵᠢ ᠶᠢ 2 ᠤᠳᠠᠭ᠎ᠠ ᠡᠷᠬᠢᠯᠡᠪᠡ᠃ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ 2 ᠤᠳᠠᠭ᠎ᠠ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠨᠢ 16 ᠤᠳᠠᠭ᠎ᠠ ᠰᠤᠷᠤᠯᠴᠠᠯᠭ᠎ᠠ ᠦᠷᠢᠨᠢᠭᠦᠯᠦᠨ᠂ ᠨᠣᠮ ᠤᠩᠰᠢᠬᠤ ᠠᠩᠬᠢ ᠶᠢ 2 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ᠂ ᠵᠠᠩ ᠳᠠᠳᠬᠠᠯ ᠢ ᠥᠭᠡᠷᠡᠴᠢᠯᠡᠬᠦ᠂ ᠠᠮᠢ ᠠᠬᠤᠢ ᠶᠢᠨ ᠬᠠᠮᠠᠭᠠᠯᠠᠯᠲᠠ ᠵᠢᠴᠢ ᠤᠯᠤᠰ ᠤᠨ ᠲᠤᠭ ᠢ ᠬᠢᠯᠢ ᠬᠢᠵᠠᠭᠠᠷ ᠢ ᠭᠡᠶᠢᠭᠦᠯᠬᠦ ᠵᠡᠷᠭᠡ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤ ᠭᠤᠣᠯᠯᠠᠬᠤ ᠡᠷᠦᠬᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ       ︵ᠥᠷᠲᠡᠭᠡ︶ ᠵᠡᠷᠭᠡ ᠰᠠᠭᠤᠷᠢᠨ ᠭᠠᠵᠠᠷ ᠲᠤ ᠲᠦᠰᠢᠭᠯᠡᠨ᠂ ᠡᠯ᠎ᠡ ᠲᠦᠷᠦᠯ ᠤᠨ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ ᠨᠠᠮᠴᠢ ᠴᠢᠨᠠᠷ ᠤᠨ ᠬᠥᠮᠦᠵᠢᠯ ᠪᠣᠯᠪᠠᠰᠤᠷᠠᠯ ᠢ 12 ᠤᠳᠠᠭ᠎ᠠ ᠥᠷᠨᠢᠭᠦᠯᠪᠡ᠃      ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠬᠤᠪᠢᠰᠬᠠᠯᠲᠤ ᠪᠠᠬᠢᠯᠡᠯᠲᠡ ᠶᠢ ᠪᠤᠵᠠᠭᠠᠶᠢᠷᠠᠭᠤᠯᠪᠠ᠃ ︽ᠰᠤᠮᠤ ᠪᠠᠯᠭᠠᠰᠤ ᠶᠢ ᠠᠳᠬᠤᠵᠤ᠂ ᠭᠠᠴᠠᠭ᠎ᠠ ᠶᠢ ᠠᠬᠢᠭᠤᠯᠤᠨ᠂ ᠡᠷᠦᠬᠡ ᠶᠢ ᠳᠠᠶᠢᠴᠢᠯᠠᠬᠤ︾ ᠢᠨᠵᠧᠨᠧᠷᠢᠩ ᠢ ᠭᠦᠨᠵᠡᠭᠡᠶᠢᠷᠡᠭᠦᠯᠵᠦ᠂ ᠣᠳᠣᠬᠠᠨ ᠳᠤ ᠠᠶᠢᠮᠠᠭ  ᠳᠡᠰ ᠤᠨ ︽ᠲᠠᠪᠤᠨ ᠰᠠᠶᠢᠨᠲᠠᠶ︾ ᠨᠠᠮ ᠤᠨ ᠭᠡᠰᠢᠭᠦᠨ ᠤ ᠭᠤᠤᠯᠯᠠᠬᠤ ᠡᠷᠦᠬᠡ 2᠂ ᠬᠤᠰᠢᠭᠤ ᠳᠡᠰ ᠤᠨ ︽ᠲᠠᠪᠤᠨ ᠬᠦᠴᠦᠷᠬᠡᠭ︾ ᠨᠠᠮ ᠤᠨ ᠵᠣᠬᠢᠶᠠᠨ ᠪᠠᠶᠢᠭᠤᠯᠤᠯᠲᠠ 3᠂ ︽ᠲᠠᠪᠤᠨ ᠰᠠᠶᠢᠨᠲᠠᠶ︾ ᠨᠠᠮ ᠤᠨ ᠭᠡᠰᠢᠭᠦᠨ 11 ᠡᠷᠦᠬᠡ ᠪᠠᠶᠢᠵᠤ᠂ ᠰᠤᠮᠤᠨ ᠤ ᠨᠠᠮ ᠤᠨ ᠬᠤᠷᠢᠶ᠎ᠠ ᠨᠢ ᠬᠤᠰᠢᠭᠤ ᠳᠡᠰ ᠤᠨ ︽ᠲᠠᠪᠤᠨ ᠰᠢᠯᠢᠳᠡᠭ︾ ᠨᠠᠮ ᠤᠨ ᠬᠤᠷᠢᠶ᠎ᠠ ᠪᠠᠷ ᠦᠨᠡᠯᠡᠭᠳᠡᠪᠡ᠃ ︽ᠨᠠᠮ ᠤᠨ ᠡᠭᠦᠷ + ᠨᠠᠮ ᠤᠨ ᠭᠡᠰᠢᠭᠦᠨ ᠤ ᠭᠤᠯᠯᠠᠬᠤ ᠡᠷᠦᠬᠡ + ᠠᠵᠤ ᠦᠢᠯᠡᠰ︾ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ 4 ᠡᠷᠦᠬᠡ ᠶᠢ ᠪᠠᠶᠢᠭᠤᠯᠪᠠ᠃ ᠲᠤᠷᠤᠢ ᠪᠠᠭᠤᠷᠠᠢ ᠰᠤᠯᠠ ᠵᠠᠳᠠᠭᠠᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠮᠠᠨᠳᠠᠯᠲᠤ ᠭᠠᠴᠠᠭ᠎ᠠ ᠳᠤ 57 ᠲᠦᠮᠡᠨ ᠲᠥᠭᠦᠷᠢᠭ ᠤᠨ ᠪᠡᠯᠡ ᠣᠷᠣᠭᠤᠯᠵᠤ᠂ 300 ᠲᠡᠭᠰᠢ ᠳᠥᠷᠪᠡᠯᠵᠢᠨ ᠮᠧᠲᠷ ᠤᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢ ᠰᠢᠨ᠎ᠡ ᠪᠠᠷ ᠪᠠᠶᠢᠭᠤᠯᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠡᠭᠦᠯᠳᠡᠷ ᠪᠤᠰᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠨᠠᠮ ᠤᠨ ᠭᠡᠰᠢᠭᠦᠨ ᠵᠢᠴᠢ ᠪᠡᠯᠡᠳᠬᠡᠯ ᠺᠠᠳ᠋ᠷ ᠢ ᠬᠥᠮᠦᠵᠢᠭᠦᠯᠬᠦ ᠠᠵᠢᠯ ᠢ ᠰᠠᠶᠢᠲᠤᠷ ᠠᠳᠬᠤᠵᠤ᠂ ᠰᠢᠨ᠎ᠡ ᠪᠠᠷ 5 ᠨᠠᠮ ᠤᠨ ᠭᠡᠰᠢᠭᠦᠨ ᠬᠦᠮᠦᠵᠢᠭᠦᠯᠵᠦ᠂ 23 ᠪᠡᠯᠡᠳᠬᠡᠯ ᠺᠠᠳ᠋ᠷ ᠢ ᠲᠡᠭᠦᠯᠳᠡᠷᠵᠢᠭᠦᠯᠪᠡ᠃ ︽1+ 5︾ ᠨᠠᠮ ᠤᠨ ᠭᠡᠰᠢᠭᠦᠨ ᠤ ᠭᠤᠤᠯᠯᠠᠬᠤ ᠡᠷᠦᠬᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠬᠠᠪᠰᠤᠷᠤᠨ ᠲᠡᠳᠬᠦᠬᠦ᠂ ᠪᠤᠯᠭᠤᠭᠠᠨ ᠲᠣᠬᠤᠨᠢᠭᠤᠯᠬᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠠᠷᠠᠳ ᠤᠨ ᠰᠠᠨᠠᠭ᠎ᠠ ᠶᠢ ᠴᠤᠭᠯᠠᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠪᠠ᠃ ᠭᠠᠴᠠᠭ᠎ᠠ ᠨᠡᠶᠢᠭᠡᠮ ᠲᠣᠭᠤᠷᠢᠭ ᠤᠨ ︽ᠵᠢᠷᠭᠤᠭ᠎ᠠ ᠶᠢ ᠴᠡᠪᠡᠷᠯᠡᠵᠦ ᠬᠤᠶᠠᠷ ᠢ ᠴᠢᠩᠭᠠᠳᠬᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠭᠠᠴᠠᠭ᠎ᠠ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢᠨ ᠭᠠᠵᠠᠷ ᠤᠨ ᠲᠡᠮᠳᠡᠭ ᠫᠠᠶᠢᠰᠠ ᠶᠢᠨ ᠲᠤᠭ᠎ᠠ ᠬᠡᠮᠵᠢᠶ᠎ᠡ ᠶᠢ 6 ᠬᠡᠰᠡᠭ ᠠᠴᠠ ᠭᠡᠲᠦᠷᠡᠭᠦᠯᠬᠦ ᠥᠬᠡᠶ᠂ ᠶᠡᠷᠦᠩᠬᠡᠶᠢᠯᠡᠭᠰᠡᠨ ᠴᠣᠩᠬᠤᠪ᠊ 1 ᠶᠢ ᠦᠯᠡᠳᠡᠭᠰᠡᠨ ᠪᠣᠶ᠃      ᠠᠷᠢᠭᠤᠨ ᠴᠢᠬᠡᠴᠢ ᠶᠢ ᠡᠷᠬᠢᠮᠯᠡᠨ ᠤᠭ ᠰᠠᠨᠠᠭ᠎ᠠ ᠪᠠᠨ ᠦᠯᠦ ᠮᠠᠷᠲᠠᠵᠤ᠂ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ᠂ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠲᠦᠷᠦᠭᠦᠯᠡᠨ ᠭᠦᠢᠴᠡᠳᠬᠡᠵᠦ᠂ ᠬᠠᠮᠲᠤ ᠶᠢᠨ ᠰᠤᠷᠤᠯᠴᠠᠯᠭ᠎ᠠ ᠶᠢ 6 ᠤᠳᠠᠭ᠎ᠠ ᠥᠷᠨᠢᠭᠦᠯᠵᠦ᠂ ᠲᠤᠰᠬᠠᠶ ᠰᠡᠳᠦᠪᠲᠦ ᠬᠤᠷᠠᠯ ᠢ 3 ᠤᠳᠠᠭ᠎ᠠ ᠬᠤᠷᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠰᠡᠷᠡᠮᠵᠢᠯᠡᠭᠦᠯᠬᠦ ᠬᠥᠮᠦᠵᠢᠯ ᠤᠬᠠᠭᠤᠯᠭ᠎ᠠ ᠶᠢ 20 ᠭᠠᠷᠤᠶ ᠤᠳᠠᠭ᠎ᠠ ᠥᠷᠨᠢᠭᠦᠯᠵᠦ᠂ ᠭᠤᠷᠪᠠᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ 500 ᠭᠠᠷᠤᠶ ᠵᠤᠷᠪᠤᠰ ᠥᠷᠨᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶᠢᠷᠡᠭᠦᠯᠵᠦ᠂ 3 ᠤᠳᠠᠭ᠎ᠠ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠤᠷᠠᠯᠳᠤᠭᠤᠯᠵᠤ᠂ ᠪᠦᠬᠦ ᠰᠤᠮᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠨ᠂ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠬᠦ ᠪᠠ ᠬᠢᠨᠠᠨ ᠵᠢᠯᠣᠭᠤᠳᠬᠤ ᠦᠢᠯᠡᠳᠦᠯ ᠢ ᠪᠠᠳᠠᠷᠠᠭᠤᠯᠪᠠ᠃ ︽ᠪᠢᠴᠢᠯ ᠡᠷᠬᠡ︾ ᠶᠢᠨ ᠠᠵᠢᠯᠯᠠᠭᠠᠨ ᠢ ᠵᠢᠷᠤᠮᠵᠢᠭᠤᠯᠬᠤ ᠶᠢ ᠦᠨᠡᠨᠬᠦ ᠪᠠᠲᠤᠯᠠᠵᠤ᠂ 9 ᠲᠥᠷᠥᠯ ᠤᠨ 36 ᠵᠦᠢᠯ ᠤᠨ ᠨᠠᠷᠢᠨ ᠬᠠᠭᠤᠳᠠᠰᠤ ᠶᠢ ᠲᠣᠭᠲᠠᠭᠠᠨ᠂ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾᠂ ︽ᠨᠢᠭᠡ ᠲᠥᠷᠥᠯ ᠤᠨ ᠬᠡᠯᠪᠡᠷᠢ ᠪᠠᠷ ᠭᠦᠢᠴᠡᠳᠬᠡᠬᠦ︾ ᠶᠢ ᠴᠢᠩᠭ᠎ᠠ ᠬᠡᠷᠡᠭᠵᠢᠭᠦᠯᠵᠦ᠂ ᠨᠡᠶᠢᠲᠡ 2 ᠲᠦᠮᠡ ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ 5000 ᠭᠠᠷᠤᠶ ᠬᠤᠪᠢ ᠭᠦᠢᠴᠡᠳᠬᠡᠪᠡ᠃ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠲᠡᠷᠡ ᠳᠠᠷᠤᠶ ᠳᠤᠨᠢ ᠬᠠᠷᠢᠭᠤ ᠥᠭᠴᠦ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠦᠨᠡᠨ ᠪᠣᠳᠠᠲᠠᠢ ᠪᠠᠷ ᠢᠯᠡᠷᠡᠭᠦᠯᠵᠦ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠲᠦᠪᠰᠢᠨ ᠳᠤ ᠭᠠᠷᠬᠤ ᠶᠢ ᠠᠬᠢᠭᠤᠯᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号