ᠢᠷᠡᠬᠦ ᠵᠢᠯ ᠡᠳᠡᠭᠡᠷ ᠠᠵᠢᠯ ᠢ ᠬᠢᠨ᠎ᠡ ᠭᠡᠵᠦ ᠣᠯᠠᠨ ᠰᠠᠯᠠᠭ᠎ᠠ ᠮᠥᠴᠢᠷ ᠤᠨ ᠬᠢᠨ ᠨᠡᠶᠢᠲᠡᠯᠡᠪᠡ
ᠨᠡᠶᠢᠲᠡᠯᠡᠭᠰᠡᠨ ᠴᠠᠭ᠄
2025/1/14
    ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠵᠢᠯ ᠤᠨ ᠬᠤᠷᠠᠯ ᠬᠤᠷᠠᠯᠳᠤᠭᠤᠯᠤᠭᠠᠳ 2024 ᠣᠨ ᠤ ᠠᠵᠢᠯ ᠢᠶᠠᠨ ᠡᠮᠬᠢᠯᠡᠨ ᠳ᠋ᠦᠩᠨᠡᠵᠦ᠂ 2025 ᠣᠨ ᠤ ᠭᠤᠣᠯᠳᠠᠯᠭ᠎ᠠ ᠪᠣᠯᠬᠤ ᠡᠭᠦᠷᠭᠡ ᠪᠠᠨ ᠰᠤᠳᠤᠯᠤᠨ ᠪᠠᠶᠢᠷᠢᠯᠠᠭᠤᠯᠪᠠ᠃ 2025 ᠣᠨ ᠳᠤ ᠲᠠᠨ ᠤ ᠠᠵᠢᠯ ᠠᠮᠢᠳᠤᠷᠠᠯ ᠳᠤ ᠶᠠᠮᠠᠷ ᠰᠢᠤᠬᠠᠨ ᠬᠤᠪᠢᠷᠠᠯᠲᠠ ᠭᠠᠷᠬᠤ ᠪᠣᠶ︖ ᠡᠳ᠋ ᠤᠨ ᠵᠠᠰᠠᠭ ᠤᠨ ᠵᠠᠷᠤᠯᠭ᠎ᠠ᠂ ᠬᠡᠷᠡᠭᠯᠡᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠦᠷᠡᠵᠢᠯ ᠤᠨ ᠲᠠᠯ᠎ᠠ ᠪᠠᠷ ᠬᠢ ᠡᠲᠡᠭᠡᠷ ᠶᠡᠭᠡ ᠪᠠᠭ᠎ᠠ ᠶᠠᠪᠤᠳᠠᠯ ᠤᠳ ᠨᠢ ᠲᠠᠨ ᠲᠠᠢ ᠬᠤᠯᠪᠣᠭ᠎ᠠ ᠲᠠᠢ —    ᠡᠳ᠋ ᠤᠨ ᠵᠠᠰᠠᠭ ᠤᠨ ᠤᠯᠠᠭᠠᠨ ᠲᠣᠭᠠᠨ ᠤ ᠨᠣᠷᠮ᠎ᠠ ᠶᠢ ᠳᠡᠭᠡᠭᠰᠢᠯᠡᠭᠦᠯᠦᠨ᠂ ᠨᠡᠩ ᠶᠡᠭᠡ ᠬᠡᠪᠴᠢᠶᠡᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠣᠬᠢᠷᠠᠭᠤᠯᠤᠨ᠎ᠠ    ᠪᠥᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ᠂ ᠮᠠᠨ ᠤ ᠤᠯᠤᠰ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ᠂ ᠨᠠᠩ ᠬᠦᠴᠦᠲᠡᠢ ᠳᠡᠮᠵᠢᠨ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠵᠢᠭᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠤᠯᠠᠭᠠᠨ ᠲᠣᠭᠠᠨ ᠤ ᠨᠤᠷᠮ᠎ᠠ ᠶᠢ ᠳᠡᠭᠡᠭᠰᠢᠯᠡᠭᠦᠯᠵᠦ᠂ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠎ᠡ᠃ ᠬᠤᠶᠠᠷ ᠲᠤ᠂ ᠨᠡᠩ ᠶᠡᠭᠡ ᠬᠡᠪᠴᠢᠶᠡᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠣᠬᠢᠷᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠳᠤ ᠨᠡᠩ ᠤᠯᠠᠨ ᠲᠦᠰᠢᠭ ᠲᠤᠯᠭᠠᠭᠤᠷᠢ ᠬᠠᠩᠭᠠᠨ᠎ᠠ᠃ ᠭᠤᠷᠪᠠ ᠳᠤ᠂ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ ᠪᠠᠷ ᠣᠷᠤᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠨ᠎ᠠ᠃ ᠳᠥᠷᠪᠡ ᠳᠤ᠂ ᠭᠤᠣᠯᠳᠠᠯᠭ᠎ᠠ ᠪᠦᠬᠦᠢ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠬᠦ ᠪᠥᠭᠡᠳ ᠠᠷᠢᠯᠭᠠᠵᠤ᠂ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ᠂ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠲᠠᠪᠤ ᠳᠤ᠂ ᠣᠷᠣᠨ ᠨᠤᠲᠤᠭ ᠲᠤ ᠰᠢᠯᠵᠢᠭᠦᠯᠬᠦ ᠲᠥᠯᠥᠪᠦᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠷᠣᠨ ᠨᠤᠲᠤᠭ ᠤᠨ ᠡᠳ᠋ ᠤᠨ ᠬᠦᠴᠦᠨ ᠢ ᠴᠢᠩᠭᠠᠷᠠᠭᠤᠯᠤᠨ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃    ︽ᠬᠤᠶᠠᠷ ᠳᠠᠪᠬᠤᠷ︾ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ︽ᠬᠤᠶᠠᠷ ᠰᠢᠨ᠎ᠡ︾ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ    ᠪᠦᠬᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠥᠬᠦ ᠲᠠᠯ᠎ᠠ ᠪᠠᠷ ᠥᠷᠭᠡᠳᠬᠡᠵᠦ᠂ ︽ᠬᠤᠶᠠᠷ ᠳᠠᠪᠬᠤᠷ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠷ᠎ᠡ ᠠᠰᠢᠭᠲᠠᠢ ᠪᠡᠯᠡ ᠣᠷᠣᠭᠤᠯᠤᠯᠲᠠ ᠶᠢ ᠥᠷᠭᠡᠳᠬᠡᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ ᠵᠢᠭᠡᠯᠡᠯᠭᠡ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠵᠡᠷᠭᠡ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠨᠠᠩ ᠣᠯᠠᠨ ᠪᠣᠳᠠᠲᠤ ᠪᠣᠳᠠᠰ ᠢᠶᠠᠷ ᠬᠡᠮᠵᠢᠶᠡᠯᠡᠬᠦ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠶᠢ ᠠᠬᠢᠭᠤᠯᠤᠨ᠂ ᠴᠢᠬᠤᠯᠠ ᠶᠡᠭᠡ ᠲᠥᠷᠥᠯ ᠵᠦᠢᠯ ᠳᠤ ᠠᠷᠠᠳ ᠤᠨ ᠳᠤᠮᠳᠠᠬᠢ ᠬᠥᠷᠥᠩᠭᠡ ᠮᠥᠩᠭᠦ ᠶᠢ ᠣᠷᠣᠭᠤᠯᠬᠤ ᠪᠠᠨ ᠦᠷᠭᠦᠯᠵᠢᠯᠡᠨ ᠠᠬᠢᠭᠤᠯᠤᠨ᠎ᠠ᠃ ︽ᠬᠤᠶᠠᠷ ᠰᠢᠨ᠎ᠡ︾ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ          ᠬᠡᠷᠡᠭᠵᠢᠭᠦᠯᠦᠨ᠂ ᠬᠡᠷᠡᠭᠯᠡᠭᠡ ᠶᠢᠨ ᠬᠡᠮᠵᠢᠶ᠎ᠡ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠨ ᠠᠬᠢᠭᠤᠯᠤᠨ᠎ᠠ᠃    ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠦᠴᠦᠯᠡᠨ ᠬᠡᠷᠡᠭᠵᠢᠭᠦᠯᠵᠦ᠂ ᠵᠣᠭᠤᠰ ᠮᠥᠩᠭᠦ ᠶᠢᠨ ᠬᠡᠯᠪᠡᠷᠢ ᠪᠠᠷ ᠲᠥᠪᠬᠢᠨᠡᠭᠦᠯᠬᠦ ᠶᠢ ᠠᠬᠢᠭᠤᠯᠤᠨ᠎ᠠ    ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠡᠷᠡᠭᠵᠢᠭᠦᠯᠵᠦ᠂ ᠵᠣᠭᠤᠰ ᠮᠥᠩᠭᠦ ᠶᠢᠨ ᠬᠡᠯᠪᠡᠷᠢ ᠪᠠᠷ ᠲᠥᠪᠬᠢᠨᠡᠭᠦᠯᠬᠦ ᠶᠢ ᠠᠬᠢᠭᠤᠯᠵᠤ᠂ 100 ᠲᠦᠮᠡᠨ ᠢᠵᠢ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠤᠲᠠᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠤᠯᠠᠨ ᠲᠦᠮᠡᠨ ᠤ ᠥᠭᠡᠷᠡᠴᠢᠯᠡᠬᠦ ᠬᠦᠰᠡᠯ ᠰᠠᠨᠠᠭ᠎ᠠ ᠪᠠᠷ ᠴᠢᠩᠭ᠎ᠠ᠂ ᠨᠥᠬᠦᠴᠡᠯ ᠢᠶᠠᠷ ᠨᠡᠯᠢᠶᠡᠳ ᠪᠣᠯᠪᠠᠰᠤᠷᠠᠩᠭᠤᠢ ᠵᠦᠢᠯᠡᠰ ᠢ ᠭᠤᠣᠯᠳᠠᠯᠭ᠎ᠠ ᠲᠠᠢ ᠪᠠᠷ ᠲᠡᠮᠵᠢᠨ᠎ᠠ᠃    ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠢᠵᠢ ᠪᠦᠷᠢᠳᠦᠭᠦᠯᠦᠨ ᠬᠤᠳᠠᠯᠳᠤᠬᠤ ᠬᠡᠯᠪᠡᠷᠢᠲᠦ ᠪᠠᠲᠤᠯᠠᠭ᠎ᠠ ᠶᠢᠨ ᠣᠷᠣᠨ ᠰᠠᠭᠤᠴᠠ ᠶᠢᠨ ᠡᠷᠴᠢᠮ ᠢ ᠴᠢᠩᠭᠠᠷᠠᠭᠤᠯᠤᠨ᠎ᠠ    ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ᠂ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠡᠷᠡᠭᠴᠡᠭᠡ ᠶᠢ ᠦᠨᠳᠦᠰᠦᠯᠡᠨ ᠬᠤᠳᠠᠯᠳᠤᠨ ᠠᠪᠬᠤ᠂ ᠬᠡᠷᠡᠭᠴᠡᠭᠡ ᠶᠢ ᠦᠨᠳᠦᠰᠦᠯᠡᠨ ᠪᠠᠷᠢᠯᠭ᠎ᠠ ᠪᠠᠷᠢᠬᠤ ᠶᠢ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠢᠵᠢ ᠪᠦᠷᠢᠳᠦᠭᠦᠯᠦᠨ ᠬᠤᠳᠠᠯᠳᠤᠬᠤ ᠬᠡᠯᠪᠡᠷᠢᠲᠦ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠰᠠ ᠨᠢᠭᠡ ᠪᠦᠯᠦᠭ ᠬᠤᠳᠠ ᠶᠢᠨ ᠰᠢᠨ᠎ᠡ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠳ ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ ᠰᠠᠭᠤᠴᠠ ᠲᠠᠢ ᠪᠣᠯᠭᠠᠨ᠎ᠠ᠃    2025 ᠣᠨ ᠳᠤ ᠬᠤᠳᠠ ᠶᠢ ᠦᠭᠡᠷᠡᠴᠢᠯᠡᠨ ᠰᠢᠨᠡᠳᠭᠡᠬᠦ‍ ᠨᠢᠭᠡ ᠪᠦᠯᠦᠭ ᠵᠦᠢᠯᠡᠰ ᠢ ᠲᠥᠯᠥᠪᠵᠢᠭᠦᠯᠦᠨ ᠬᠡᠷᠡᠭᠵᠢᠭᠦᠯᠦᠨ᠎ᠡ    ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠵᠦ᠂ ᠬᠤᠲᠠ ᠶᠢᠨ ᠦᠭᠡᠷᠡᠴᠢᠯᠡᠨ ᠰᠢᠨᠡᠳᠭᠡᠬᠦ‍ ᠨᠢᠭᠡ ᠪᠦᠯᠦᠭ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ 2000 ᠣᠨ ᠤ ᠡᠴᠦᠰ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠬᠢᠨ ᠤ ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠵᠤ ᠬᠠᠭᠤᠴᠢᠨ ᠣᠷᠣᠨ ᠰᠠᠭᠤᠴᠠ ᠶᠢ ᠦᠭᠡᠷᠡᠴᠢᠯᠡᠨ ᠰᠢᠨᠡᠳᠭᠡᠬᠦ ᠶᠢ ᠵᠣᠷᠢᠭᠵᠢᠭᠤᠯᠤᠨ᠎ᠠ᠃    ᠰᠦᠯᠵᠢᠶ᠎ᠡ ᠪᠠᠷ ᠠᠷᠠᠯᠵᠢᠶᠠᠯᠠᠬᠤ ᠲᠠᠪᠴᠠᠩ ᠳᠠᠬᠢ ᠬᠤᠳᠠᠯᠳᠤᠭᠠᠨ ᠤ ᠡᠷᠦᠬᠡ ᠨᠦᠭᠦᠳ ᠤᠨ ᠥᠪᠡᠷ ᠤᠨ ᠥᠷᠲᠡᠭ ᠤᠨ ᠳᠠᠷᠤᠭᠠᠰᠦ ᠶᠢ ᠪᠠᠭᠤᠷᠠᠭᠤᠯᠤᠨ᠎ᠠ    ᠪᠥᠬᠦ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠠᠴᠠ ᠰᠦᠯᠵᠢᠶ᠎ᠡ ᠪᠠᠷ ᠠᠷᠠᠯᠵᠢᠶᠠᠯᠠᠬᠤ ᠲᠠᠪᠴᠠᠩ ᠤᠨ ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ ᠶᠢᠨ ᠲᠣᠭᠲᠠᠭᠠᠯ ᠳᠤ ᠨᠡᠶᠢᠴᠡᠬᠦ ᠵᠦᠭᠯᠡᠭᠦᠷ ᠢ ᠲᠦᠷᠭᠡᠪᠴᠢᠯᠡᠨ ᠨᠡᠶᠢᠲᠡᠯᠡᠵᠦ᠂ ᠲᠠᠪᠴᠠᠩ ᠤᠨ ᠳᠣᠲᠣᠷᠠᠬᠢ ᠬᠤᠳᠠᠯᠳᠤᠭᠠᠨ ᠤ ᠡᠷᠦᠬᠡ ᠨᠦᠭᠦᠳ ᠤᠨ ᠥᠪᠡᠷ ᠤᠨ ᠥᠷᠲᠡᠭ ᠤᠨ ᠳᠠᠷᠤᠭᠠᠰᠤ ᠶᠢ ᠪᠠᠭᠤᠷᠠᠭᠤᠯᠤᠨ᠂ ᠲᠠᠪᠴᠠᠩ ᠤᠨ ᠰᠦᠢᠳᠬᠡᠯ ᠬᠤᠷᠢᠶᠠᠬᠤ ᠬᠠᠷᠢᠴᠠᠯ ᠢ ᠵᠦᠢ ᠵᠣᠬᠢᠰᠲᠠᠢ ᠲᠣᠭᠲᠠᠭᠠᠬᠤ ᠶᠢ ᠰᠢᠮᠳᠠᠭᠤᠯᠵᠤ᠂ ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠡᠯ᠎ᠡ ᠲᠠᠯ᠎ᠠ ᠶᠢᠨ ᠪᠡᠶᠡᠴᠢ ᠴᠣᠭᠴᠠ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ᠃ ︽ᠰᠦᠯᠵᠢᠶᠡᠨ ᠤ ᠣᠷᠤᠰᠴᠠ ᠶᠢ ᠳᠡᠭᠡᠳᠦᠯᠡᠬᠦ︾᠂ ︽ᠳᠤᠤᠷ᠎ᠠ ᠦᠨ᠎ᠡ ᠪᠠᠷ ᠸᠠᠩ ᠪᠣᠯᠭᠠᠬᠤ︾ ᠵᠡᠷᠭᠡ ᠲᠠᠪᠴᠠᠩ ᠤᠨ ᠳᠣᠲᠣᠭᠠᠳᠤᠬᠢ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠶ᠋ᠯᠡ ᠠᠵᠢᠯᠯᠠᠭ᠎ᠠ ᠶᠢ ᠵᠠᠯᠠᠷᠠᠭᠤᠯᠤᠨ᠎ᠠ᠃ ᠲᠠᠪᠴᠠᠩ ᠤᠨ ᠪᠤᠳᠤᠬᠤ ᠠᠷᠭ᠎ᠠ ᠶᠢᠨ ᠥᠭᠡᠳᠡᠯᠡᠨ ᠲᠠᠪᠰᠢᠬᠤ ᠶᠢ ᠠᠬᠢᠭᠤᠯᠵᠤ᠂ ᠲᠠᠪᠴᠠᠩ ᠤᠨ ᠰᠢᠯᠲᠠᠭᠠᠨ ᠠᠴᠠ ᠪᠣᠯᠵᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠬᠦᠳᠡᠯᠮᠦᠷᠢᠴᠢᠳ ᠤᠨ ᠡᠷᠬᠡ ᠠᠰᠢᠭ ᠲᠤ ᠬᠠᠯᠳᠠᠭᠰᠠᠨ᠂ ᠪᠤᠳᠤᠬᠤ ᠠᠷᠭ᠎ᠠ ᠶᠢ ᠠᠰᠢᠭᠯᠠᠨ ᠲᠣᠮᠣ ᠳ᠋ᠠᠶᠢᠲ᠋ᠠ ᠶᠢ ︽ᠵᠥᠷᠢᠶᠡᠴᠢᠯᠡᠬᠦ︾ ᠵᠡᠷᠭᠡ ᠭᠤᠣᠯᠳᠠᠯᠭ᠎ᠠ ᠪᠦᠬᠦᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠲᠠᠪᠴᠠᠩ ᠤᠨ ᠳᠣᠲᠣᠭᠠᠳᠤᠬᠢ ᠡᠵᠡᠩᠨᠡᠭᠴᠢᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃    ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠵᠡᠷᠭᠡ ᠶᠢ ᠵᠣᠬᠢᠰᠲᠠᠢ ᠪᠠᠷ ᠳᠡᠭᠡᠭᠰᠢᠯᠡᠭᠦᠯᠦᠨ᠎ᠡ    ᠪᠥᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠡᠷᠡᠭᠯᠡᠭᠡ ᠶᠢᠨ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃    ᠬᠥᠩᠭᠡᠵᠢᠯ ᠤᠨ ᠨᠡᠮᠡᠯᠭᠡ ᠶᠢ ᠲᠠᠰ ᠳᠠᠷᠠᠭᠠᠯᠠᠯ ᠤᠨ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠰᠢᠭᠤᠳ ᠣᠯᠭᠤᠬᠤ ᠶᠢ ᠵᠣᠷᠢᠭᠵᠢᠭᠤᠯᠤᠨ᠎ᠠ    ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠷᠠᠯ ᠢ ᠦᠨᠳᠦᠰᠦᠯᠡᠨ᠂ 2025 ᠣᠨ ᠳᠤ ᠬᠥᠩᠭᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠵᠦ᠂ ᠬᠥᠩᠭᠡᠵᠢᠯ ᠤᠨ ᠨᠡᠮᠡᠯᠭᠡ ᠶᠢ ᠲᠠᠰ ᠳᠠᠷᠠᠭᠠᠯᠠᠯ ᠤᠨ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠰᠢᠭᠤᠳ ᠣᠯᠭᠤᠬᠤ ᠶᠢ ᠵᠣᠷᠢᠭᠵᠢᠭᠤᠯᠤᠨ᠎ᠠ᠃ ᠪᠥᠬᠦ ᠤᠯᠤᠰ ᠲᠠᠬᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠠᠬᠢ ᠪᠡᠯᠡ ᠮᠥᠩᠭᠦ ᠶᠢ ᠮᠤᠵᠢ ᠠᠯᠤᠰᠯᠠᠨ ᠬᠠᠮᠲᠤ ᠳᠤ ᠨᠢ ᠵᠤᠬᠢᠴᠠᠯᠳᠤᠭᠤᠯᠤᠨ ᠬᠡᠷᠡᠭᠯᠡᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号