ᠬᠠᠷᠠᠭᠠᠲᠤ ᠭᠠᠴᠠᠭ᠎ᠠ ᠮᠠᠯᠴᠢᠳ ᠲᠤ ᠪᠠᠨ ᠦᠨ᠎ᠡ ᠲᠦᠯᠦᠪᠦᠷᠢ ᠦᠭᠡᠢ ᠪᠠᠷ ᠪᠣᠷᠳᠤᠭ᠎ᠠ ᠲᠦᠭᠡᠭᠡᠪᠡ
ᠨᠡᠶᠢᠲᠡᠯᠡᠭᠰᠡᠨ ᠴᠠᠭ᠄
2025/1/17
      12 ᠰᠠᠷ᠎ᠠ ᠶᠢᠨ 21 ᠤ ᠡᠳᠦᠷ᠂ ᠡᠵᠢᠨᠠᠭᠤᠷ ᠪᠠᠯᠭᠠᠰᠤ ᠶᠢᠨ ᠬᠠᠷᠠᠭᠠᠲᠤ ᠭᠠᠴᠠᠭᠠᠨ ᠳᠤ ᠭᠠᠴᠠᠭᠠᠨ ᠤ ᠬᠤᠪᠢᠴᠠᠭᠠᠲᠤ ᠬᠤᠷᠰᠢᠶᠠᠵᠢᠯ ᠤᠨ ᠪᠣᠷᠳᠤᠭ᠎ᠠ ᠦᠭᠴᠦ ᠠᠰᠢᠭ ᠬᠤᠪᠢᠶᠠᠯᠴᠠᠬᠤ ᠠᠵᠢᠯᠯᠠᠭ᠎ᠠ ᠶᠠᠪᠤᠭᠳᠠᠵᠤ᠂ ᠭᠠᠴᠠᠭᠠᠨ ᠤ ᠮᠠᠯᠴᠢᠨ ᠲᠦᠮᠡᠨ ᠲᠤᠬᠠᠢ ᠶᠢᠨ ᠲᠠᠯᠠᠪᠠᠢ ᠳᠤ ᠬᠦᠷᠴᠦ ᠬᠤᠪᠢᠳᠠᠭᠰᠠᠨ ᠪᠣᠷᠳᠤᠭ᠎ᠠ ᠪᠠᠨ ᠮᠠᠰᠢᠨ ᠳᠡᠭᠡᠷ᠎ᠡ ᠪᠠᠨ ᠲᠡᠭᠡᠭᠡᠨ ᠪᠠᠶᠠᠷ ᠬᠥᠷ ᠲᠠᠢ ᠪᠠᠷ  ᠪᠣᠴᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠬᠠᠷᠠᠭᠠᠲᠤ ᠭᠠᠴᠠᠭ᠎ᠠ ᠨᠢ 2019 ᠣᠨ ᠠᠴᠠ ᠡᠬᠢᠯᠡᠭᠡᠳ ᠵᠢᠯ ᠪᠦᠷᠢ ᠬᠤᠪᠢᠴᠠᠭᠠᠲᠤ ᠬᠤᠷᠰᠢᠶᠠᠵᠢᠯ ᠢᠶᠠᠷ ᠳᠠᠮᠵᠢᠨ ᠤᠯᠤᠭᠰᠠᠨ ᠠᠰᠢᠭ ᠣᠷᠣᠯᠭ᠎ᠠ ᠶᠢ ᠮᠠᠯᠴᠢᠳ ᠤᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠣᠰᠢᠶᠠᠬᠤ᠂ ᠣᠶᠣᠲᠠᠳ ᠢ ᠳᠡᠳᠭᠦᠭᠦ᠂ ᠬᠦᠴᠢᠷᠳᠡᠯ ᠲᠠᠢ ᠮᠠᠯᠴᠢᠨ ᠡᠷᠦᠬᠡ ᠶᠢ ᠳᠡᠳᠭᠦᠭᠦ ᠵᠡᠷᠭᠡ ᠲᠠᠯ᠎ᠠ ᠪᠠᠷ ᠭᠠᠴᠠᠭᠠᠨ ᠤ ᠮᠠᠯᠴᠢᠨ ᠲᠦᠮᠡᠨ ᠳᠤ ᠪᠠᠨ ᠠᠰᠢᠭ ᠬᠤᠪᠢᠶᠠᠷᠢᠯᠠᠳᠠᠭ ᠪᠠᠶᠢᠨ᠎ᠠ᠃      ᠡᠨᠡ ᠵᠢᠯ᠂ ᠭᠠᠴᠠᠭᠠᠨ ᠤ ᠬᠤᠪᠢᠴᠠᠭᠠᠲᠤ ᠬᠤᠷᠰᠢᠶᠠᠵᠢᠯ ᠠᠴᠠ ᠮᠠᠯᠴᠢᠳ ᠤᠨ ᠠᠮᠢᠳᠤᠷᠠᠯ ᠤᠨ ᠪᠣᠳᠠᠲᠤ ᠬᠡᠷᠡᠭᠴᠡᠭᠡ ᠶᠢ ᠪᠣᠳᠣᠯᠬᠢᠯᠠᠨ ᠪᠠᠶᠢᠵᠦ᠂ ᠬᠤᠷᠰᠢᠶᠠᠵᠢᠯ ᠤᠨ ᠠᠰᠢᠭ ᠣᠷᠣᠯᠭ᠎ᠠ ᠠᠴᠠ ᠭᠠᠴᠠᠭᠠᠨ ᠤ ᠬᠦᠮᠦᠨ ᠪᠦᠷᠢ ᠳᠤ 200 ᠲᠦᠭᠦᠷᠢᠭ ᠤᠨ ᠨᠠᠰᠦᠵᠢᠯ ᠤᠨ ᠳᠠᠭᠠᠳᠬᠠᠯ ᠤᠨ ᠨᠦᠬᠦᠪᠦᠷᠢ ᠥᠭᠬᠦ ᠶᠢᠨ ᠬᠠᠮᠲᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠲᠤᠰᠢᠶᠠᠨ ᠦᠭᠭᠦᠭᠰᠡᠨ ᠰᠠᠭᠤᠷᠢᠨ ᠳᠡᠭᠡᠷ᠎ᠡ᠂ ᠳᠦᠴᠢᠭᠡᠳ ᠲᠦᠮᠡᠨ ᠲᠦᠭᠦᠷᠢᠭ ᠵᠠᠷᠤᠴᠠᠭᠤᠯᠵᠤ ᠪᠣᠷᠳᠤᠭ᠎ᠠ ᠬᠤᠳᠠᠯᠳᠣᠨ ᠠᠪᠤᠨ᠂ ᠡᠷᠦᠬᠡ ᠪᠣᠯᠭᠠᠨ ᠳᠤ 1 ᠲᠤᠨ ᠢᠶᠠᠷ ᠨᠡᠶᠢᠲᠡ 232 ᠡᠷᠦᠬᠡ ᠳᠤ ᠪᠣᠷᠳᠤᠭ᠎ᠠ ᠲᠦᠭᠡᠭᠡᠵᠦ᠂ ᠨᠡᠶᠢᠲᠡ ᠶᠡᠷᠡᠨ ᠲᠦᠮᠡᠨ ᠲᠦᠭᠦᠷᠢᠭ ᠣᠷᠴᠢᠮ ᠤᠨ ᠠᠰᠢᠭ ᠬᠤᠪᠢᠶᠠᠯᠴᠠᠭᠰᠠᠨ ᠪᠠᠶᠢᠨ᠎ᠠ᠃      ᠬᠠᠬᠢᠷ ᠡᠪᠦᠯ ᠬᠦᠢᠲᠡᠨ ᠴᠦ ᠭᠠᠴᠠᠭᠠᠨ ᠤ ᠬᠠᠮᠲᠤ ᠶᠢᠨ ᠠᠵᠦ ᠠᠬᠤᠢ ᠠᠴᠠ ᠠᠰᠢᠭ ᠬᠦᠷᠲᠡᠭᠰᠡᠨ ᠮᠠᠯᠴᠢᠨ ᠲᠦᠮᠡᠨ ᠤ ᠰᠡᠳᠬᠢᠯ ᠳᠣᠯᠠᠭᠠᠨ᠃ ᠬᠠᠷᠠᠭᠠᠲᠤ ᠭᠠᠴᠠᠭ᠎ᠠ ᠨᠢ ᠬᠠᠮᠲᠤ ᠶᠢᠨ ᠠᠵᠦ ᠠᠬᠤᠢ ᠶᠢᠨ ᠬᠦᠭᠵᠢᠯᠲᠡ‌‍ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠᠷ ᠳᠡᠮᠵᠢᠨ᠂ ᠡᠬᠢ ᠪᠠᠶᠠᠯᠢᠭ ᠢᠶᠠᠨ ᠦᠨᠳᠦᠷ ᠪᠦᠲᠦᠮᠵᠢᠲᠡᠢ ᠠᠰᠢᠭᠯᠠᠨ᠂ ᠮᠠᠯᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠰᠠᠶᠢᠨ ᠰᠠᠶᠢᠬᠠᠨ ᠢᠷᠡᠭᠡᠳᠦᠢ ᠵᠦᠭ ᠴᠢᠷᠮᠠᠶᠢᠭᠰᠠᠭᠠᠷ ᠪᠠᠶᠢᠯ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号