ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤ ᠳᠠᠷᠤᠭ᠎ᠠ ᠴᠠᠩ ᠱᠧᠩ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠵᠢᠴᠢ ᠮᠠᠯ ᠠᠵᠤ ᠠᠬᠤᠶ ᠶᠢᠨ ᠦᠶᠯᠡᠳᠪᠦᠷᠢᠯᠡᠯ ᠠᠮᠢᠳᠤᠷᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/1/17
      12 ᠰᠠᠷ᠎ᠠ ᠶᠢᠨ 25 ᠤ ᠡᠳᠦᠷ ᠠᠴᠠ 26 ᠤ ᠡᠳᠦᠷ ᠪᠤᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠴᠠᠩ ᠱᠧᠩ ᠠᠭᠤᠷᠬᠠᠶ ᠶᠢᠨ ᠠᠵᠤ ᠠᠬᠤᠶᠢᠯᠠᠯ ᠪᠠ ᠵᠡᠭᠦᠨ ᠬᠡᠰᠡᠭ ᠤᠨ ᠰᠤᠮᠤ ᠪᠠᠯᠭᠠᠰᠤᠨ ᠳᠤ ᠭᠦᠨᠵᠡᠭᠡᠶᠢᠷᠡᠨ ᠠᠭᠤᠷᠬᠠᠶ ᠶᠢᠨ ᠠᠵᠤ ᠠᠬᠤᠶᠢᠯᠠᠯ ᠤᠨ ᠠᠵᠢᠯᠯᠠᠭᠠᠨ ᠵᠢᠴᠢ ᠠᠶᠤᠯᠭᠦᠶ ᠦᠶᠯᠡᠳᠪᠦᠷᠢᠯᠡᠯ ᠪᠠ ᠮᠠᠯᠵᠢᠬᠤ ᠣᠷᠣᠨ ᠤ ᠡᠪᠦᠯ ᠤᠨ ᠤᠯᠠᠷᠢᠯ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠳᠡᠳ᠋ ᠬᠤᠰᠢᠭᠤ ᠳᠠᠷᠤᠭ᠎ᠠ ᠰᠡᠴᠡᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠳᠤ ᠪᠠᠶᠢᠴᠠᠭᠠᠨ ᠰᠤᠳᠤᠯᠤᠯᠲᠠ  ᠬᠢᠵᠡᠢ᠃      ᠰᠠᠮᠠᠢ ᠰᠤᠮᠤ᠂ ᠭᠠᠬᠢᠯ ᠰᠤᠮᠤ᠂ ᠮᠠᠨᠳᠤᠬᠤᠪᠤᠯᠠᠭ ᠪᠠᠯᠭᠠᠰᠤ᠂ ᠬᠦᠷᠢᠶᠡᠲᠦᠨᠠᠭᠤᠷ ᠰᠤᠮᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠠᠩ ᠱᠧᠩ ᠨᠡᠷ ᠤᠷᠢᠳ ᠬᠤᠵᠢᠳ ᠡᠯ᠎ᠡ ᠰᠤᠮᠤ ᠪᠠᠯᠭᠠᠰᠤᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠭᠠᠴᠠᠭᠠᠨ ᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠮᠠᠯᠵᠢᠬᠤ ᠣᠷᠣᠨ ᠤ ᠡᠪᠦᠯ ᠤᠨ ᠤᠯᠠᠷᠢᠯ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠠᠮᠢᠳᠤᠷᠠᠯ᠂ ᠠᠵᠤ ᠠᠬᠤᠶ ᠶᠢᠨ ᠡᠷᠭᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠠᠩ ᠱᠧᠩ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤ ᠪᠣᠯ ᠮᠠᠯ ᠠᠵᠤ ᠠᠬᠤᠢ  ᠶᠢᠨ ᠲᠤᠮᠤ ᠬᠤᠰᠢᠭᠤ ᠪᠣᠯᠤᠨ᠎ᠠ᠂ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ᠲᠤᠰ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠨᠠᠷᠢᠨ ᠨᠢᠮᠪᠠᠢ ᠲᠥᠯᠥᠪᠵᠢᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ  ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠮᠠᠯᠴᠢᠳ ᠲᠤ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ  ᠃ ᠦᠢᠯᠡᠴᠢᠯᠡᠭᠡᠨ ᠤ ᠭᠤᠣᠯᠳᠠᠯᠭ᠎ᠠ ᠪᠠᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ  ᠤᠨ ᠨᠢᠭᠡᠳᠦᠭᠡᠷ ᠹᠷᠣᠨᠲ ᠲᠤ ᠪᠠᠭᠤᠯᠭᠠᠵᠤ᠂ ᠮᠠᠯ ᠠᠵᠤ ᠠᠬᠤᠢ ᠶᠢᠨ ᠠᠵᠢᠯ ᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠮᠠᠯᠴᠢᠳ ᠤᠨ ᠬᠦᠴᠢᠷᠳᠡᠯ ᠤᠨ ᠲᠤᠬᠠᠢ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠂ ᠮᠠᠯᠴᠢᠳ ᠤᠨ ᠠᠮᠢᠳᠤᠷᠠᠯ ᠠᠮᠤᠷ ᠲᠣᠭᠲᠠᠭᠤᠨ᠂ ᠦᠢᠯᠡᠳᠪᠦᠷᠢᠯᠡᠯ ᠡᠮᠬᠢ ᠵᠢᠷᠤᠮ ᠲᠠᠢ ᠪᠠᠶᠢᠬᠤ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ ᠭᠡᠵᠡᠢ  ᠃      ᠱᠠᠨᠳᠦ᠋ᠩ ᠤᠨ ᠰᠢᠵᠢᠷ ᠠᠯᠳᠠᠨ ᠤ ᠪᠦᠯᠦᠭᠯᠡᠯ ᠤᠨ ᠪᠠᠶᠠᠨᠬᠦ᠋ᠭᠡᠪᠦᠷ ᠠᠭᠤᠷᠬᠠᠢ ᠶᠢᠨ ᠦᠢᠯᠡᠰ᠂ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠷᠦᠩ ᠭᠤᠸᠠᠨ ᠠᠭᠤᠷᠬᠠᠢ ᠶᠢᠨ ᠦᠢᠯᠡᠰ᠂ ᠱᠠᠨᠳᠦ᠋ᠩ ᠤᠨ ᠰᠢᠵᠢᠷ ᠠᠯᠳᠠᠨ ᠤ ᠪᠦᠯᠦᠭᠯᠡᠯ ᠤᠨ ᠠᠷᠤᠬᠠᠳᠠ ᠲᠤᠭᠤᠯᠭ᠎ᠠ ᠴᠠᠶᠢᠷ ᠤᠨ ᠮᠥᠩᠭᠦᠨ ᠤ ᠠᠭᠤᠷᠬᠠᠢ᠂ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠰᠢᠯᠢ ᠶᠢᠨ ᠠᠭᠤᠷᠬᠠᠢ ᠶᠢᠨ ᠦᠢᠯᠡᠰ᠂ ᠱᠠᠨᠳᠦ᠋ᠩ ᠤᠨ ᠰᠢᠵᠢᠷ ᠠᠯᠳᠠᠨ ᠤ ᠪᠦᠯᠦᠭᠯᠡᠯ  ᠤᠨ ᠠᠷᠤᠬᠠᠳᠠ ᠠᠭᠤᠷᠬᠠᠢ ᠶᠢᠨ ᠦᠢᠯᠡᠰ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠴᠠᠩ ᠱᠧᠩ ᠨᠡᠷ ᠠᠵᠤ ᠠᠬᠤᠶᠢᠯᠠᠯ ᠤᠨ ᠲᠤᠬᠢᠷᠠᠭᠤᠯᠤᠨ ᠵᠢᠯᠣᠭᠤᠳᠬᠤ ᠲᠥᠪ ᠵᠡᠷᠭᠡ ᠭᠤᠣᠯᠳᠠᠯᠭ᠎ᠠ ᠲᠠᠢ ᠭᠠᠵᠠᠷ ᠢ ᠪᠠᠶᠢᠴᠠᠭᠠᠨ ᠦᠵᠡᠵᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠷᠭᠢᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠴᠠᠩ ᠱᠧᠩ ᠴᠢᠬᠤᠯᠠᠴᠢᠯᠠᠬᠤ ᠳᠠᠭᠠᠨ᠂ ᠵᠡᠭᠦᠨ ᠦᠵᠦᠮᠦᠴᠢᠨ ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠠᠭᠤᠷᠬᠠᠢ ᠶᠢᠨ ᠭᠠᠷᠤᠯᠲᠠ ᠡᠯᠪᠡᠭ ᠪᠠᠶᠠᠯᠢᠭ  ᠂  ᠡᠷᠬᠡᠪᠰᠢ《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ 》ᠭᠡᠬᠦ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠤᠶᠤᠨᠴᠢᠯᠠᠬᠰᠠᠨ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠴᠢᠳ ᠬᠢᠭᠡᠳ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠠᠶᠤᠯᠭᠦᠶ ᠦᠶᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠲᠠᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号