12 ᠰᠠᠷ᠎ᠠ ᠶᠢᠨ 29 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠣᠭᠤᠯᠵᠦ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ | ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠠᠴᠠ ᠵᠡᠭᠦᠨ | ᠦᠵᠦᠮᠦᠴᠢᠨ ᠬᠤᠰᠢᠭᠤᠨ ᠤ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠣᠷᠣᠨ ᠤ ᠴᠣᠯᠠ ᠭᠥᠷᠳᠡᠭᠰᠡᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠮᠠᠨ ᠤ ᠬᠤᠰᠢᠭᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠳᠤ ᠭᠤᠤᠯᠳᠠᠭᠤ ᠳᠣᠤᠷᠠᠬᠢ ᠠᠷᠭ᠎ᠠ ᠬᠡᠮᠵᠢᠶ᠎ᠡ ᠶᠢ ᠠᠪᠤᠪᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ | 2022 ᠣᠨ ᠠᠴᠠ ᠨᠠᠭᠠᠰᠢ ᠮᠠᠨ ᠤ ᠬᠤᠰᠢᠭᠤ ᠤᠷᠢᠳ ᠬᠤᠵᠢᠳ 2 ᠤᠳᠠᠭ᠎ᠠ ᠬᠤᠰᠢᠭᠤ ᠠᠮᠢ ᠠᠬᠤᠶ | ᠶᠢᠨ ᠬᠠᠮᠠᠭᠠᠯᠠᠯᠲᠠ ᠶᠢᠨ ᠵᠥᠪᠯᠡᠯ ᠤᠨ ᠲᠤᠰᠬᠠᠶ ᠰᠡᠳᠦᠪᠲᠦ ᠬᠤᠷᠠᠯ ᠬᠤᠷᠠᠯᠳᠣᠭᠤᠯᠵᠦ᠂《 ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ 》 ᠢ ᠡᠭᠦᠳᠦᠨ ᠪᠠᠶᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠵᠦ᠂ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠦ᠂ | 《 ᠵᠡᠭᠦᠨ ᠦᠵᠦᠮᠦᠴᠢᠨ ᠬᠤᠰᠢᠭᠤᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠰᠢᠭᠤᠨ ᠤ ᠲᠥᠯᠥᠪᠵᠢᠭᠦᠯᠪᠡ 》 ᠶᠢ ᠲᠣᠭᠲᠠᠭᠠᠨ ᠲᠠᠷᠬᠠᠭᠠᠵᠦ᠂ ᠪᠠᠰᠠ ᠲᠤᠰᠬᠠᠶ | ᠮᠡᠷᠭᠡᠵᠢᠯᠲᠡᠨ ᠢ ᠣᠷᠢᠵᠦ ᠮᠠᠨ ᠤ ᠬᠤᠰᠢᠭᠤᠨ ᠤ ᠤᠯᠤᠰ ᠤᠨ ᠲᠠᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ | ᠦᠵᠡᠭᠦᠯᠬᠦ ᠣᠷᠣᠨ ᠢ ᠬᠡᠷᠬᠢᠨ ᠡᠭᠦᠳᠦᠨ ᠪᠠᠶᠢᠭᠤᠯᠬᠤ ᠲᠤᠠᠬᠠᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ | ᠬᠤᠷᠠᠯᠳᠣᠭᠤᠯᠪᠠ᠃ | ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠤᠯᠭᠠᠪᠠ | ᠠᠮᠢ ᠠᠬᠤᠢ ᠶᠢᠨ ᠪᠣᠯᠪᠠᠰᠤᠨ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ | ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠨᠡᠶᠢᠲᠡ ᠶᠢᠨ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠵᠡᠭᠦᠨ ᠦᠵᠦᠮᠦᠴᠢᠨ ᠬᠤᠰᠢᠭᠤᠨ ᠤ《 ᠤᠯᠤᠰ ᠤᠨ ᠠᠮᠢ ᠠᠬᠤᠢ | ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ 》 ᠢ ᠡᠭᠦᠳᠦᠨ ᠪᠠᠶᠢᠭᠤᠯᠬᠤ ᠲᠤᠰᠬᠠᠢ | ᠰᠡᠳᠦᠪᠲᠦ ᠤᠬᠠᠭᠤᠯᠭ᠎ᠠ ᠶᠢᠨ ᠹᠢᠯᠢᠮ ᠵᠢᠴᠢ ᠤᠬᠠᠭᠤᠯᠭ᠎ᠠ ᠶᠢᠨ ᠵᠢᠷᠤᠭᠲᠤ ᠳᠡᠪᠲᠡᠷ ᠢ ᠵᠣᠬᠢᠶᠠᠵᠤ᠂ ᠠᠮᠢ ᠠᠬᠤᠶ | ᠶᠢᠨ ᠣᠷᠴᠢᠨ ᠲᠣᠭᠤᠷᠢᠨ ᠤ ᠮᠠᠲ᠋ᠧᠷᠢᠶᠠᠯ ᠴᠤᠭᠯᠠᠭᠤᠯᠬᠤ ᠪᠦᠯᠬᠦᠮ ᠢ ᠤᠷᠢᠵᠤ᠂ ᠮᠠᠨ ᠤ ᠬᠤᠰᠢᠭᠤᠨ ᠤ ᠪᠣᠭᠳᠠ | ᠠᠭᠤᠯᠠ ᠤᠯᠤᠰ ᠤᠨ ᠣᠶ ᠰᠢᠭᠤᠶ ᠶᠢᠨ ᠴᠡᠴᠡᠷᠯᠢᠭ᠂ ᠨᠠᠷᠢᠨ ᠭᠤᠤᠯ ᠵᠡᠷᠭᠡ ᠭᠠᠵᠠᠷ ᠲᠤ ᠬᠦᠷᠴᠦ ᠮᠠᠲ᠋ᠧᠷᠢᠶᠠᠯ | ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠶᠢᠨ ᠦᠷ᠎ᠡ ᠪᠦᠲᠦᠭᠡᠯ ᠢ ᠢᠨᠲ᠋ᠧᠷ ᠰᠦᠯᠵᠢᠶᠡᠨ ᠤ ᠭᠤᠤᠯ ᠵᠠᠭᠤᠴᠢᠯᠠᠭᠤᠷ ᠲᠠᠢ ᠪᠥᠬᠦ ᠲᠠᠯ᠎ᠠ ᠪᠠᠷ ᠵᠠᠯᠭᠠᠯᠳᠤᠭᠤᠯᠪᠠ ᠃ | | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠪᠠ | ᠨᠢᠭᠡ ᠳᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ | ᠦᠷᠨᠢᠭᠦᠯᠪᠡ ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢᠨ | ᠨᠣᠷᠮ᠎ᠠ 89 . 4 % ᠳᠤ ᠬᠦᠷᠴᠦ᠂ ᠡᠭᠦᠨ ᠳᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 3 . 01 % ᠳᠤ | ᠬᠦᠷᠴᠡᠶ᠃ 75 % ᠠᠴᠠ ᠳᠡᠭᠡᠭᠰᠢᠬᠢ ᠤᠯᠤᠰ ᠤᠨ ᠭᠠᠵᠠᠷ ᠰᠢᠷᠣᠢ ᠶᠢᠨ ᠲᠠᠯᠠᠪᠠᠢ ᠶᠢ ᠠᠮᠢ ᠠᠬᠤᠢ ᠶᠢᠨ ᠬᠤᠷᠢᠭ᠎ᠠ | ᠱᠤᠭᠤᠮ ᠤᠨ ᠬᠡᠪᠴᠢᠶᠡᠨ ᠳᠤ ᠣᠷᠣᠭᠤᠯᠵᠤ᠂ ᠵᠡᠭᠦᠨ ᠦᠵᠦᠮᠦᠴᠢᠨ ᠲᠠᠯ᠎ᠠ ᠨᠤᠲᠤᠭ᠂ ᠤᠯᠠᠭᠠᠢ ᠶᠢᠨ ᠲᠠᠯ᠎ᠠ ᠨᠤᠲᠤᠭ | ᠨᠢ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢᠨ ᠠᠩᠬᠠᠨ ᠤ ᠪᠦᠯᠦᠭ ᠨᠡᠷᠡᠰ ᠲᠤ ᠰᠤᠩᠭᠤᠭᠳᠠᠪᠠ᠃ ᠬᠤᠶᠠᠷ ᠲᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠪᠠ᠃ ᠬᠠᠷᠢᠶ᠎ᠠ ᠣᠷᠣᠨ ᠤ ᠰᠤᠮᠤ ᠪᠠᠯᠭᠠᠰᠤ ᠭᠠᠴᠠᠭᠠᠨ ᠤ | 《 ᠡᠷᠦᠬᠡ ᠶᠢᠨ ᠵᠣᠷᠯᠣᠩ ᠢ ᠥᠭᠡᠷᠡᠴᠢᠯᠡᠬᠦ 》᠂ ᠭᠠᠴᠠᠭ᠎ᠠ ᠲᠣᠰᠬᠤᠨ ᠢ ᠴᠡᠪᠡᠷᠯᠡᠬᠦ᠂ ᠵᠠᠮ ᠢ ᠰᠡᠯᠪᠢᠨ ᠵᠠᠰᠠᠬᠤ | ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠤᠰᠤ ᠶᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠭᠦᠨᠵᠡᠭᠡᠶ | ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰ ᠳᠡᠪᠰᠢᠭᠦᠯᠬᠦ ᠶᠢ ᠤᠯᠠᠮ | ᠨᠢᠭᠡ ᠠᠯᠬᠤᠮ ᠠᠬᠢᠭᠤᠯᠪᠠ᠃ ᠦᠨᠳᠦᠰᠦᠨ ᠱᠠᠲᠤᠨ ᠤ ᠠᠯᠪᠠᠯᠠᠬᠤ ᠣᠷᠴᠢᠨ ᠲᠣᠭᠤᠷᠢᠨ ᠢ ᠥᠭᠡᠷᠡᠴᠢᠯᠡᠨ ᠲᠡᠰ | ᠳᠡᠪᠰᠢᠭᠦᠯᠬᠦ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂《ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ 》ᠲᠥᠷᠥᠯ ᠵᠦᠢᠯ ᠤᠨ ᠢᠨᠵᠧᠨᠧᠷᠢᠩ ᠢ ᠠᠬᠢᠭᠤᠯᠵᠤ᠂ ᠡᠪᠦᠯ ᠤᠨ ᠤᠯᠠᠷᠢᠯ ᠤᠨ ᠠᠭᠠᠷ ᠮᠠᠨᠳᠠᠯ ᠤᠨ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠥᠳᠬᠡᠴᠡ ᠶᠢ ᠪᠦᠲᠦᠮᠵᠢᠲᠡᠢ ᠪᠠᠭᠤᠷᠠᠭᠤᠯᠪᠠ᠃ ᠭᠤᠷᠪᠠ ᠳᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠲᠤᠷ ᠬᠢᠪᠡ ᠃ | ᠮᠠᠨ ᠤ ᠬᠤᠰᠢᠭᠤᠨ ᠤ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠭᠦᠶᠴᠡᠳᠬᠡᠯ ᠲᠤᠭ᠎ᠠ ᠶᠢ ᠴᠥᠮ | ᠳᠡᠭᠡᠲᠦ ᠱᠠᠲᠤᠨ ᠠᠴᠠ ᠪᠠᠭᠤᠯᠭᠠᠭᠰᠠᠨ ᠭᠦᠶᠴᠡᠳᠬᠡᠯ ᠲᠣᠭᠠᠨ ᠤ ᠬᠡᠪᠴᠢᠶᠡᠨ ᠳᠤ ᠬᠢᠵᠠᠭᠠᠷᠯᠠᠵᠤ᠂ ᠠᠭᠠᠷ ᠰᠠᠶᠢᠲᠠᠶ | ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 98 % ᠠᠴᠠ ᠳᠡᠭᠡᠭᠰᠢ ᠳᠤ | ᠲᠤᠭᠲᠠᠪᠤᠷᠢᠵᠢᠭᠤᠯᠪᠠ᠃ ᠪᠦᠬᠦᠯᠢ ᠡᠳᠦᠷ ᠤᠨ ᠠᠭᠠᠷ ᠮᠠᠨᠳᠠᠯ ᠤᠨ ᠠᠦ᠋ᠲ᠋ᠣ᠋ ᠬᠢᠨᠠᠨ ᠰᠢᠨᠵᠢᠬᠦ ᠥᠷᠲᠡᠭᠡ ᠶᠢ | ᠪᠠᠶᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠨᠣᠷᠮ᠎ᠠ | ᠶᠢ 95 % ᠠᠴᠠ ᠳᠡᠭᠡᠭᠰᠢ ᠳᠤ ᠬᠦᠷᠦᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠲᠥᠷᠥᠯ ᠵᠦᠶᠯ ᠢ | ᠪᠦᠬᠦᠨ ᠢ ᠬᠦᠴᠦᠨ ᠥᠬᠡᠶ ᠪᠣᠯᠭᠠᠬᠤ ᠶᠢ ᠪᠡᠶᠡᠯᠡᠭᠦᠯᠪᠡ᠃ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ | ᠤᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ | ᠠᠬᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ 》 ᠪᠠ 《 ᠣᠶ ᠰᠢᠭᠤᠶ | ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ 》 ᠢ ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠬᠤ ᠴᠠᠭᠳᠠᠨ | ᠬᠠᠮᠠᠭᠠᠯᠠᠬᠤ ᠪᠠ ᠭᠤᠤᠯ ᠮᠥᠷᠡᠨ ᠨᠠᠭᠤᠷ ᠴᠥᠭᠦᠷᠥᠮ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠶᠢ ᠪᠠᠶᠢᠩᠭᠤ ᠦᠷᠨᠢᠭᠦᠯᠪᠡ᠃ ᠳᠥᠷᠪᠡ ᠳᠤ᠂ | 《ᠰᠣᠶᠣᠯ ᠵᠢᠭᠤᠯᠴᠢᠯᠠᠯ ᠢ ᠬᠥᠭᠵᠢᠭᠦᠯᠦᠨ ᠮᠠᠨᠳᠤᠭᠤᠯᠬᠤ 》 ᠶᠢ ᠢᠳᠡᠪᠬᠢᠲᠡᠢ ᠬᠦᠭᠵᠢᠭᠦᠯᠪᠡ᠃ ᠵᠡᠭᠦᠨ | ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠶᠡᠷᠦᠩᠬᠡᠢ ᠲᠥᠯᠥᠪᠵᠢᠭᠦᠯᠪᠡ᠂ ᠡᠵᠢᠨᠠᠭᠤᠷ ᠳᠠᠪᠤᠰᠤᠨ ᠨᠠᠭᠤᠷ ᠤᠨ | ᠦᠵᠡᠮᠵᠢ ᠶᠢᠨ ᠣᠷᠣᠨ᠂ ᠵᠡᠭᠦᠨ ᠦᠵᠦᠮᠦᠴᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠤ | ᠦᠢᠯᠡᠰ ᠤᠨ ᠬᠦᠷᠢᠶᠡᠯᠡᠩ᠂ ᠵᠡᠭᠦᠨ ᠦᠵᠦᠮᠦᠴᠢᠨ ᠬᠤᠰᠢᠭᠤᠨ ᠤ ᠳᠤᠮᠳᠠᠳᠤ ᠮᠣᠩᠭᠤᠯ ᠤᠨ ᠬᠢᠯᠢ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ | ᠲᠦᠷᠭᠡᠳᠬᠡᠨ ᠠᠬᠢᠭᠤᠯᠪᠠ᠃ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠤ ᠥᠭᠡᠷᠡᠴᠢᠯᠡᠯᠲᠡ ᠪᠠ | ᠦᠵᠦᠮᠦᠴᠢᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠵᠢᠤᠷᠤᠭᠰᠢᠲᠠᠢ ᠠᠬᠢᠭᠤᠯᠵᠦ᠂ 16 ᠮᠠᠯᠴᠢᠨ ᠠᠶᠢᠯ ᠢ ᠳᠡᠰ ᠳᠡᠪᠰᠢᠭᠦᠯᠦᠨ ᠥᠭᠡᠷᠡᠴᠢᠯᠡᠵᠦ᠂ | ︽ᠦᠵᠦᠮᠦᠴᠢᠨ ᠠᠶᠢᠮᠠᠭ︾ ᠨᠢ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠡᠰ ᠤᠨ ᠮᠠᠯᠵᠢᠬᠤ ᠣᠷᠣᠨ | ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠪᠡ ᠃ |