12 ᠰᠠᠷ᠎ᠠ ᠶᠢᠨ 28 ᠤ ᠡᠳᠦᠷ᠂ ᠰᠢᠨ᠎ᠡ ᠣᠨ ᠬᠦᠷᠴᠦ ᠢᠷᠡᠬᠦ ᠲᠠᠰᠢᠷᠠᠮ ᠢᠶᠠᠷ᠂ ᠵᠡᠭᠦᠨ ᠦᠵᠦᠮᠦᠴᠢᠨ | ᠬᠤᠰᠢᠭᠤᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠰᠢᠨ᠎ᠡ ᠣᠨ ᠢᠶᠠᠨ ᠪᠡᠯᠭᠡᠯᠡᠬᠦ ᠤᠷᠠᠨ ᠰᠠᠶᠢᠬᠠᠨ ᠤ | ᠲᠣᠭᠯᠠᠯᠲᠠ ᠭᠠᠷᠭᠠᠵᠤ᠂ ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ | ᠭᠤᠤᠯᠯᠠᠨ ᠡᠷᠭᠢᠯᠡᠵᠦ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃ | | ᠬᠦᠷᠢᠶᠡᠯᠡᠩ ᠲᠣᠭᠤᠷᠢᠭ ᠤᠨ ᠨᠠᠰᠤᠲᠠᠶᠢᠴᠤᠳ ᠪᠣᠯᠤᠨ ᠠᠵᠢᠯᠲᠠᠳ ᠨᠢᠭᠡ ᠲᠠᠩᠬᠢᠮ ᠳᠤ ᠴᠤᠭᠯᠠᠷᠠᠵᠤ᠂ | ᠬᠠᠮᠲᠤ ᠪᠠᠷ ᠰᠢᠨ᠎ᠡ ᠣᠨ ᠢᠶᠠᠨ ᠤᠭᠲᠤᠵᠤ᠂ ᠬᠠᠬᠢᠷ ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠪᠠᠷ ᠳᠦᠭᠦᠷᠡᠩ | ᠪᠠᠶᠢᠯ᠎ᠠ᠃ ᠲᠣᠰ ᠤᠳᠠᠭᠠᠨ ᠤ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠨᠢ ᠰᠠᠷᠠᠩᠭᠤᠸ᠎ᠠ | ᠪᠥᠵᠢᠭ ᠤᠨ ᠪᠣᠯᠪᠠᠰᠤᠷᠠᠯ ᠤᠨ ᠲᠥᠪ ᠤᠨ ᠰᠤᠷᠤᠭᠴᠢᠳ ᠤᠨ《 ᠰᠢᠨ᠎ᠡ ᠣᠨ 》 ᠭᠡᠬᠦ ᠬᠠᠮᠲᠤ ᠶᠢᠨ | ᠪᠥᠵᠢᠭ ᠢᠶᠠᠷ ᠬᠥᠰᠢᠭᠡ ᠪᠠᠨ ᠰᠡᠬᠦᠵᠦ᠂ ᠨᠠᠶᠢᠷᠠᠯ ᠳᠠᠭᠤᠤ《 ᠡᠩᠬᠡ ᠠᠮᠤᠭᠤᠯᠠᠩ ᠰᠠᠶᠢᠬᠠᠨ 》᠂ 《 ᠥᠪᠥᠷ | ᠮᠣᠩᠭᠤᠯ ᠢᠶᠠᠨ ᠮᠠᠭᠲᠠᠨ ᠳᠠᠭᠤᠯᠠᠶ᠎ᠠ 》᠂ ᠬᠠᠮᠲᠤ ᠶᠢᠨ ᠪᠥᠵᠢᠭ《 ᠨᠠᠭᠠᠳᠤᠮ 》ᠵᠢᠴᠢ ᠨᠠᠶᠢᠷᠠᠯ ᠬᠥᠭᠵᠢᠮ | 《 ᠠᠳᠤᠭᠤᠴᠢᠨ 》ᠵᠡᠷᠭᠡ ᠡᠯᠪᠡᠭ ᠠᠭᠤᠯᠭ᠎ᠠ ᠪᠠᠷ ᠶᠠᠪᠤᠭᠳᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ | ᠪᠢᠯᠬᠠᠮ᠎ᠠ ᠪᠠᠶᠢᠯ᠎ᠠ᠃ | ᠠᠵᠢᠯᠯᠠᠭ᠎ᠠ ᠳᠤ᠂ 2024 ᠣᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠬᠠᠶᠢᠷ᠎ᠠ | ᠬᠠᠯᠠᠮᠵᠢ ᠬᠦᠷᠲᠡᠭᠡᠭᠰᠡᠨ ᠬᠠᠯᠠᠭᠤᠨ ᠰᠡᠳᠬᠢᠯᠲᠦ ᠬᠥᠮᠦᠰ ᠵᠢᠴᠢ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ | ᠤᠨ ᠡᠷᠭᠢᠯᠡᠭᠰᠡᠨ《 ᠵᠣᠯ ᠵᠢᠷᠭᠠᠯᠲᠤ ᠥᠲᠡᠯᠦᠭᠡ ᠨᠠᠰᠤ᠂ ᠪᠠᠶᠠᠷ ᠴᠡᠩᠭᠡᠯ ᠤᠨ ᠬᠦᠷᠢᠶᠡᠯᠡᠩ 》ᠭᠡᠬᠦ ᠭᠤᠤᠯ | ᠰᠡᠳᠦᠪᠲᠦ ᠵᠤᠭ᠎ᠠ ᠴᠡᠩᠭᠡᠯ ᠤᠨ ᠠᠵᠢᠯᠯᠠᠭ᠎ᠠ ᠶᠢᠨ ᠣᠨ ᠤ ᠶᠡᠷᠦᠩᠬᠡᠶ ᠰᠢᠶᠳᠪᠦᠷᠢᠲᠦ ᠤᠷᠤᠯᠳᠤᠭᠠᠨ ᠤ ᠱᠠᠭ᠎ᠠ᠂ | ᠮᠣᠩᠭᠤᠯ ᠰᠢᠲᠠᠷ᠎ᠠ᠂ ᠴᠢᠴᠢᠭᠦᠷ ᠪᠥᠮᠪᠦᠭᠡ ᠵᠡᠷᠭᠡ ᠶᠢᠰᠦᠨ ᠵᠦᠶᠯ ᠤᠨ ᠤᠷᠤᠯᠳᠤᠭᠠᠨ ᠤ ᠱᠠᠩᠨᠠᠯ ᠣᠯᠭᠤᠬᠤ | ᠶᠣᠰᠣᠯᠠᠯ ᠢ ᠶᠠᠪᠤᠭᠤᠯᠵᠠᠶ ᠃ | ᠲᠣᠰ ᠤᠳᠠᠭᠠᠨ ᠤ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠨᠢ ᠬᠦᠷᠢᠶᠡᠯᠡᠩ ᠲᠣᠭᠤᠷᠢᠭ ᠤᠨ | ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠳᠤ ᠪᠠᠶᠠᠷ | ᠪᠠᠶᠠᠰᠤᠯ ᠪᠠ ᠬᠠᠶᠢᠷ᠎ᠠ ᠬᠠᠯᠠᠮᠵᠢ ᠠᠪᠴᠢᠷᠠᠭᠰᠠᠨ ᠢᠶᠠᠷ ᠪᠠᠷᠠᠬᠤ ᠥᠬᠡᠶ ᠪᠠᠰᠠ ᠳᠤᠮᠳᠠᠳᠤ ᠶᠢᠨ ᠦᠨᠳᠦᠰᠦᠲᠡᠨ ᠤ | ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ | ᠠᠯᠬᠤᠮ ᠪᠠᠳᠠᠷᠠᠭᠤᠯᠤᠭᠰᠠᠨ ᠪᠠᠶᠢᠨ᠎ᠠ᠃ ᠰᠢᠨ᠎ᠡ ᠨᠢᠭᠡᠨ ᠣᠨ ᠳᠤ᠂ ᠠᠶᠠᠨ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ ᠨᠢ ᠨᠠᠰᠤᠲᠠᠨ ᠢ ᠬᠠᠯᠠᠮᠵᠢᠯᠠᠬᠤ᠂ ᠨᠠᠰᠤᠲᠠᠶᠢᠴᠤᠳ ᠲᠤ ᠦᠶᠯᠡᠴᠢᠯᠡᠬᠦ ᠵᠣᠷᠢᠯᠲᠠ ᠪᠠᠨ ᠦᠷᠭᠦᠯᠵᠢᠯᠡᠨ | ᠪᠠᠷᠢᠮᠲᠠᠯᠠᠵᠤ᠂ ᠦᠶᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠰᠤᠲᠠᠶᠢᠴᠤᠳ ᠲᠤ | ᠨᠠᠩ ᠰᠠᠶᠢᠨ ᠰᠠᠶᠢᠬᠠᠨ ᠣᠷᠴᠢᠨ ᠢ ᠪᠦᠲᠦᠭᠡᠵᠦ ᠥᠭᠭᠦᠨ᠎ᠡ ᠃ |