ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠬᠤᠰᠢᠭᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠲᠤᠭ᠎ᠠ ᠪᠦᠷᠢᠳᠬᠡᠯ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠭᠠᠳᠠᠭᠠᠳᠤ ᠶᠠᠪᠤᠳᠠᠯ᠂ ᠪᠣᠭᠤᠮᠲᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ | ᠠᠵᠢᠯ ᠢ ᠬᠠᠷᠢᠭᠤᠴᠠᠨ᠎ᠠ᠃ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ | ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠤᠭ᠎ᠠ ᠪᠦᠷᠢᠳᠬᠡᠯ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠶ ᠶᠢᠨ ᠠᠶᠤᠯ ᠦᠭᠡᠶ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠵᠡᠭᠦᠨ ᠬᠠᠲᠠᠪᠴᠢ ᠪᠣᠭᠤᠮᠲᠠ ᠶᠢᠨ ᠠᠵᠤ ᠠᠬᠤᠶ ᠶᠢᠨ | ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠵᠡᠭᠦᠨ ᠦᠵᠦᠮᠦᠴᠢᠨ ᠪᠠᠶᠢᠴᠠᠭᠠᠬᠤ ᠠᠩᠭᠢ᠂ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠴᠠᠭ ᠠᠭᠤᠷ ᠤᠨ ᠲᠣᠪᠴᠢᠶ᠎ᠠ᠂ ᠣᠶ | ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠡᠭᠦᠨ | ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ᠂ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ | ᠺᠣᠮᠫᠠᠨᠢ ᠲᠠᠢ ᠬᠠᠷᠢᠯᠴᠠᠨ᠎ᠠ᠃ | ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠪᠢ ᠬᠦᠮᠦᠨ ᠤ ᠲᠤᠪᠴᠢ ᠨᠠᠮᠲᠠᠷ | ᠬᠦᠲᠡᠷ᠂ ᠡᠷᠡᠭᠲᠡᠢ᠂ ᠮᠣᠩᠭᠤᠯ ᠦᠨᠳᠦᠰᠦᠲᠡᠨ᠂ 1980 ᠣᠨ ᠤ 10 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠬ᠎ᠠ ᠵᠣᠬᠢᠶᠠᠯ ᠤᠨ ᠤᠶᠤᠲᠠᠨ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ ᠤᠳᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ | ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | |