12 ᠰᠠᠷ᠎ᠠ ᠶᠢᠨ 30 ᠤ ᠦᠳᠡ ᠶᠢᠨ ᠡᠮᠦᠨ᠎ᠡ᠂ ᠮᠠᠨ ᠤ ᠬᠤᠰᠢᠭᠤᠨ ᠤ ᠬᠦᠷᠢᠶᠡᠲᠦᠨᠠᠭᠤᠷ ᠰᠤᠮᠤ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ ᠂ 2024 ᠣᠨ ᠤ ᠬᠦᠷᠢᠶᠡᠳᠦᠨᠠᠭᠤᠷ ᠰᠤᠮᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠤᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ | 2024 ᠣᠨ ᠳᠤ᠂ ᠬᠦᠷᠢᠶᠡᠲᠦᠨᠠᠭᠤᠷ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ | ᠨᠠᠮ ᠤᠨ ᠤᠳᠤᠷᠢᠳᠤᠯᠭ᠎ᠠ ᠶᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠪᠥᠬᠦ ᠶᠠᠪᠤᠴᠠ ᠳᠤ | ᠲᠤᠭᠤᠰᠢᠯᠠᠭᠤᠯᠵᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ ᠵᠢᠯ ᠤᠨ ᠠᠵᠢᠯ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠣᠨ ᠤ ᠲᠣᠭᠲᠠᠮᠠᠯ ᠬᠤᠷᠠᠯ ᠠᠴᠠ ᠡᠮᠦᠨ᠎ᠡ ᠴᠥᠮ ᠰᠤᠮᠤᠨ ᠤ ᠨᠠᠮ ᠤᠨ | ᠬᠤᠷᠢᠶ᠎ᠠ ᠳᠤ ᠵᠢᠭᠠᠪᠤᠷᠢ ᠠᠪᠴᠤ ᠮᠡᠳᠡᠭᠦᠯᠪᠡ᠃ 2024 ᠣᠨ ᠳᠤ ᠨᠡᠶᠢᠲᠡ 20 ᠬᠤᠪᠢ ᠰᠠᠨᠠᠯ ᠰᠠᠨᠠᠭᠤᠯᠭ᠎ᠠ | ᠴᠤᠭᠯᠠᠭᠤᠯᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠨᠢᠭᠡ ᠶᠢ | ᠪᠢᠯᠧᠲ ᠢᠶᠠᠷ ᠰᠢᠶᠳᠪᠦᠷᠢ ᠭᠠᠷᠭᠠᠪᠠ ᠃ | ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢᠨ ᠲᠤᠰᠠᠳᠠ᠂ | ᠬᠦᠷᠢᠶᠡᠲᠦᠨᠠᠭᠤᠷ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠳᠠᠩᠰᠠᠯᠠᠭᠤᠯᠬᠤ ᠳᠤ ᠮᠡᠳᠡᠭᠦᠯᠬᠦ ᠦᠭᠡᠶ ᠪᠠᠶᠢᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ | ᠰᠤᠮᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠠᠢ ᠬᠠᠮᠲᠤᠷᠠᠨ ᠰᠤᠮᠤᠨ ᠤ ᠳᠠᠷᠤᠮᠠᠯᠯᠠᠨ | ᠶᠠᠪᠤᠭᠤᠯᠤᠭᠰᠠᠨ ᠠᠯᠪᠠᠨ ᠪᠢᠴᠢᠭ ᠲᠤ ᠴᠠᠭ ᠲᠤᠬᠠᠶ ᠳᠤᠨᠢ ᠬᠢᠨᠠᠯᠲᠠ ᠲᠠᠯᠪᠢᠳᠠᠭ᠃ ᠠᠷᠠᠳ ᠤᠨ ᠲᠥᠯᠥᠭᠡᠯᠡᠭᠴᠢ | ᠶᠢᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠪᠦᠲᠦᠮᠵᠢᠲᠡᠢ ᠶᠠᠪᠤᠭᠳᠠᠭᠤᠯᠬᠤ ᠶᠢᠨ | ᠲᠥᠯᠥᠭᠡ᠂ ᠰᠤᠮᠤᠨ ᠤ ᠠᠷᠠᠳ ᠤᠨ ᠲᠥᠯᠥᠭᠡᠯᠡᠭᠴᠢ ᠶᠢᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ᠠᠩᠭᠢ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠢᠳᠡᠪᠬᠢᠲᠡᠢ | ᠥᠷᠨᠢᠭᠦᠯᠵᠦ᠂ ᠵᠢᠯ ᠤᠨ ᠳᠣᠲᠣᠷ᠎ᠠ 5 ᠬᠤᠪᠢ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ | ᠳᠠᠭᠤᠰᠬᠠᠵᠠᠢ᠃ | 《 ᠬᠤᠶᠠᠷ ᠲᠥᠯᠥᠭᠡᠯᠡᠭᠴᠢ ᠨᠢᠭᠡ ᠭᠡᠰᠢᠭᠦᠨ 》 ᠪᠣᠯᠤᠨ ᠣᠯᠠᠨ ᠲᠦᠮᠡᠨ ᠤ ᠬᠠᠷᠢᠯᠴᠠᠭ᠎ᠠ ᠨᠡᠪᠲᠡᠷᠡᠯᠴᠡᠭᠡ | ᠶᠢ ᠦᠨᠡᠨᠬᠦ ᠰᠢᠯᠤᠭᠤᠳᠬᠠᠵᠤ᠂ 《ᠬᠤᠶᠠᠷ ᠲᠥᠯᠥᠭᠡᠯᠡᠭᠴᠢ ᠨᠢᠭᠡ ᠭᠡᠰᠢᠭᠦᠨ 》 ᠤ ᠬᠤᠷᠠᠯ ᠲᠡᠭᠦᠰᠦᠭᠰᠡᠨ | ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠶᠴᠡᠳᠬᠡᠬᠦ᠂ ᠦᠶᠯᠡᠳᠦᠯ ᠢᠶᠠᠨ ᠪᠠᠳᠠᠷᠠᠭᠤᠯᠬᠤ | ᠳᠤ ᠲᠠᠪᠴᠠᠩ ᠪᠠᠶᠢᠭᠤᠯᠤᠨ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ᠂ ᠰᠤᠮᠤᠨ ᠤ ᠨᠠᠮ ᠤᠨ ᠬᠤᠷᠢᠶᠠᠨ ᠤ | ᠨᠢᠭᠡᠳᠦᠯᠲᠡᠶ ᠤᠳᠤᠷᠢᠳᠤᠯᠭ᠎ᠠ ᠳᠣᠤᠷ᠎ᠠ᠂ 《 ᠬᠦᠷᠢᠶᠡᠳᠦᠨᠠᠭᠤᠷ ᠰᠤᠮᠤᠨ ᠤ ᠲᠥᠯᠥᠭᠡᠯᠡᠭᠴᠢ ᠭᠡᠰᠢᠭᠦᠨ ᠤ ᠬᠡᠷ 》 ᠢ | ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠵᠥᠭᠡᠯᠡᠨ ᠬᠠᠲᠠᠭᠤ ᠲᠣᠨᠤᠭ ᠢ ᠲᠣᠬᠢᠷᠠᠭᠤᠯᠬᠤ ᠠᠵᠢᠯ ᠢ ᠪᠡᠶᠡᠯᠡᠭᠦᠯᠬᠦ | ᠶᠢᠨ ᠬᠠᠮᠲᠤ 《 ᠵᠢᠭᠠᠰᠤᠲᠠᠶ ᠭᠠᠴᠠᠭᠠᠨ ᠤ ᠲᠥᠯᠥᠭᠡᠯᠡᠭᠴᠢ ᠭᠡᠰᠢᠭᠦᠨ ᠤ ᠬᠠᠷᠢᠯᠴᠠᠬᠤ ᠥᠷᠲᠡᠭᠡ 》᠂ | 《 ᠭᠡᠷᠡᠯᠲᠦ ᠭᠠᠴᠠᠭᠠᠨ ᠤ ᠲᠥᠯᠥᠭᠡᠯᠡᠭᠴᠢ ᠭᠡᠰᠢᠭᠦᠨ ᠤ ᠬᠠᠷᠢᠯᠴᠠᠬᠤ ᠥᠷᠲᠡᠭᠡ 》 ᠶᠢᠨ ᠵᠥᠭᠡᠯᠡᠨ ᠬᠠᠲᠠᠭᠤ | ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠪᠡ ᠃ | 2024 ᠣᠨ ᠳᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ | ᠤᠨ ᠪᠦᠯᠬᠦᠮ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠡᠷᠢᠭᠦᠯᠡᠭᠴᠢᠳ ᠤᠨ ᠪᠦᠯᠬᠦᠮ | ᠤᠨ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠡ ᠵᠠᠩᠭᠢ | ᠶᠢ ᠮᠡᠳᠡᠭᠦᠯᠦᠨ ᠬᠦᠷᠭᠡᠪᠡ ᠃ ᠲᠣᠰ ᠪᠡᠶ᠎ᠡ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠲᠥᠯᠥᠭᠡ᠂ | ᠰᠤᠮᠤᠨ ᠤ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ | ᠠᠯᠲᠠᠨᠬᠢᠯᠢ ᠰᠤᠮᠤ᠂ ᠳᠠᠭᠤᠲᠤᠨᠠᠭᠤᠷ ᠪᠠᠯᠭᠠᠰᠤ᠂ ᠤᠯᠢᠶᠠᠰᠤᠲᠠᠢ ᠪᠠᠯᠭᠠᠰᠤᠨ ᠳᠤ ᠣᠴᠢᠭᠤᠯᠤᠨ ᠲᠤᠬᠠᠶ ᠶᠢᠨ | ᠭᠠᠵᠠᠷ ᠲᠤᠨᠢ ᠲᠣᠭᠤᠷᠢᠨ ᠦᠵᠡᠭᠦᠯᠵᠦ ᠰᠤᠷᠤᠯᠴᠠᠭᠤᠯᠪᠠ᠃ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠶᠢᠨ ᠲᠥᠯᠥᠭᠡ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠭᠰᠡᠨ ᠬᠤᠷᠠᠮᠳᠤᠯ ᠬᠤᠪᠢ | ᠶᠢᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠢᠯᠡ ᠨᠡᠶᠢᠲᠡᠯᠡᠬᠦ ᠪᠤᠯᠤᠩ ᠬᠢᠭᠡᠳ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠭᠰᠡᠨ ᠬᠤᠷᠠᠮᠳᠤᠯ ᠬᠤᠪᠢ ᠶᠢᠨ ᠲᠠᠩᠰᠠ ᠡᠪᠬᠡᠮᠡᠯ ᠢ | ᠵᠣᠬᠢᠶᠠᠵᠤ᠂ 48 ᠰᠤᠮᠤ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠶᠢᠨ ᠡᠭᠦᠷᠭᠡ ᠲᠤᠰᠢᠶᠠᠯ ᠢᠶᠠᠨ ᠭᠦᠶᠴᠡᠳᠬᠡᠭᠰᠡᠨ ᠪᠠᠶᠢᠳᠠᠯ ᠤᠨ ᠬᠤᠷᠠᠮᠳᠤᠯ ᠬᠤᠪᠢ ᠶᠢᠨ ᠬᠠᠮᠢᠶᠠᠷᠤᠯᠲᠠ ᠶᠢ ᠢᠯᠡ | ᠨᠡᠶᠢᠲᠡᠯᠡᠭᠰᠡᠨ ᠪᠠᠶᠢᠨ᠎ᠠ᠃ |