2024 ᠣᠨ ᠤ 12 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ | ᠪᠠᠷᠠᠭ᠎ᠠ ᠣᠷᠣᠭᠤᠯᠵᠤ ᠭᠠᠷᠭᠠᠭᠰᠠᠨ ᠬᠡᠮᠵᠢᠶ᠎ᠡ 401 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 52 . 25 % ᠪᠠᠷ ᠨᠡᠮᠡᠭᠳᠡᠪᠡ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠲᠤᠭ᠎ᠠ | 5 . 55 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 90 . 63 % ᠪᠠᠷ | ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ᠃ ᠡᠨᠡ ᠵᠢᠯ ᠠᠴᠠ ᠨᠠᠭᠠᠰᠢ᠂ ᠵᠡᠭᠦᠨ ᠦᠵᠦᠮᠦᠴᠢᠨ | ᠬᠤᠰᠢᠭᠤ ᠪᠣᠭᠤᠮᠲᠠ ᠶᠢᠨ ᠪᠣᠭᠤᠮᠲᠠ ᠥᠩᠭᠡᠷᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠵᠠᠯᠭᠠᠭ᠎ᠠ ᠪᠠᠷ ᠰᠢᠨ᠎ᠡ ᠲᠡᠮᠳᠡᠭᠯᠡᠯ ᠢ | ᠡᠭᠦᠳᠴᠦ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ | ᠠᠯᠬᠤᠪᠠ ᠃ | ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ ᠬᠥᠭᠵᠢᠯᠲᠡ ᠶᠢᠨ ᠳᠠᠪᠠᠭᠤᠯᠢᠭ ᠲᠠᠭᠠᠨ | ᠰᠠᠭᠤᠷᠢᠯᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠣᠭᠤᠮᠲᠠ ᠶᠢᠨ | ᠴᠢᠨᠠᠷ ᠰᠠᠶᠢᠲᠠᠶ ᠬᠥᠭᠵᠢᠯᠲᠡ᠂ ᠥᠨᠳᠥᠷ ᠲᠦᠪᠰᠢᠨ ᠪᠥᠬᠦᠶ ᠨᠡᠭᠡᠭᠡᠯᠲᠡ ᠶᠢ ᠠᠬᠢᠭᠤᠯᠤᠨ᠎ᠠ ᠃ | |