ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ | ᠪᠣᠯᠭᠠᠨ ᠪᠦᠳᠦᠭᠡᠨ ᠪᠠᠶᠢᠭᠤᠯᠤᠶ᠎ᠠ | — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠢ ᠰᠤᠷᠪᠤᠯᠵᠢᠯᠠᠭᠰᠠᠨ ᠨᠢ | ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠳᠦᠭᠡᠨ | ᠪᠠᠶᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠤ ᠠᠬᠤᠢ ᠶᠢᠨ ᠬᠥᠭᠵᠢᠯᠲᠡ ᠳᠤ ᠪᠠᠨ | ᠪᠠᠶᠠᠷᠯᠠᠭᠤᠰᠢᠲᠠᠢ ᠦᠷ᠎ᠡ ᠪᠦᠲᠦᠭᠡᠯ ᠤᠯᠪᠠ᠃ ᠥᠪᠥᠷ ᠮᠣᠩᠭᠤᠯ ᠰᠢᠨ᠎ᠡ ᠨᠢᠭᠡᠨ ᠵᠢᠯ ᠳᠤ ᠠᠵᠢᠯ ᠢᠶᠠᠨ ᠶᠠᠭᠠᠬᠢᠵᠤ | ᠰᠠᠶᠢᠲᠤᠷ ᠬᠢᠪᠡᠯ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ | ᠰᠠᠶᠢᠬᠠᠨ ᠪᠣᠯᠭᠠᠨ ᠴᠣᠭᠴᠠᠯᠠᠨ ᠪᠠᠶᠢᠭᠤᠯᠵᠤ ᠴᠢᠳᠠᠬᠤ ᠪᠤᠢ︖ ᠰᠤᠷᠪᠤᠯᠵᠢᠯᠠᠭᠴᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠢ ᠰᠤᠷᠪᠤᠯᠵᠢᠯᠠᠪᠠ᠃ | ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠳᠤ ᠲᠦᠷᠭᠡᠨ ᠣᠷᠣᠨ᠎ᠠ | ᠰᠤᠷᠪᠤᠯᠵᠢᠯᠠᠭᠴᠢ᠄ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠵᠢᠷᠠᠵᠤ ᠪᠣᠢ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠴᠢᠬᠤᠯᠠ | ᠶᠡᠭᠡ ᠠᠷᠭ᠎ᠠ ᠬᠡᠮᠵᠢᠶ᠎ᠡ ᠠᠪᠤᠭᠰᠠᠨ ᠪᠣᠢ︖ ᠶᠠᠮᠠᠷ ᠶᠠᠮᠠᠷ ᠲᠣᠪᠤᠶᠢᠮ᠎ᠠ ᠦᠷ᠎ᠡ ᠪᠦᠲᠦᠮᠵᠢ ᠣᠯᠪᠠ︖ | ᠰᠦᠨ ᠱᠤᠤ ᠴᠧᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠴᠢᠨᠠᠷ ᠰᠠᠶᠢᠲᠠᠢ | ᠬᠥᠭᠵᠢᠭᠦᠯᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ | ᠲᠡᠷᠢᠭᠦᠨ ᠴᠢᠬᠤᠯᠠ ᠡᠭᠦᠷᠭᠡ ᠮᠥᠨ ᠭᠡᠵᠡᠢ᠃ ᠪᠢᠳᠡ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠳᠬᠠᠵᠤ᠂ | ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠪᠠ ᠲᠣᠪᠤᠶᠢᠮ᠎ᠠ ᠳᠤᠲᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ᠂ ᠠᠵᠤ ᠠᠬᠤᠶ ᠪᠠᠨ ᠴᠢᠨᠠᠷ ᠤᠨ ᠬᠤᠪᠢ ᠳᠤ ᠪᠦᠲᠦᠮᠵᠢᠲᠡᠶ ᠳᠡᠭᠡᠭᠰᠢᠯᠡᠭᠦᠯᠬᠦ ᠪᠠ | ᠲᠤᠭ᠎ᠠ ᠶᠢᠨ ᠲᠠᠯ᠎ᠠ ᠪᠠᠷ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠪᠠ᠃ | ᠨᠢᠭᠡ ᠳᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ | ︽ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ | ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︾ ᠭᠡᠰᠡᠨ ᠴᠢᠬᠤᠯᠠ ᠱᠠᠭᠠᠷᠳᠠᠯᠭ᠎ᠠ ᠶᠣᠰᠣᠭᠠᠷ᠂ ᠪᠢᠳᠡ | ᠤᠯᠠᠮᠵᠢᠯᠠᠯᠲᠤ ᠠᠵᠤ ᠦᠢᠯᠡᠰ ᠢᠶᠠᠨ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠨ᠂ ᠰᠢᠨ᠎ᠡ ᠪᠠᠷ | ᠡᠭᠦᠰᠦᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ | ᠦᠢᠯᠡᠰ ᠤᠨ ᠬᠥᠭᠵᠢᠯᠲᠡ ᠶᠢ ᠪᠦᠬᠦ ᠬᠡᠯᠬᠢᠶ᠎ᠡ ᠪᠠᠷ ᠨᠢ ᠠᠬᠢᠭᠤᠯᠤᠨ᠂ ᠨᠡᠭᠦᠷᠡᠰᠦ ᠪᠠᠨ ᠬᠤᠳᠠᠯᠳᠤᠬᠤ ᠶᠢ ᠴᠠᠬᠢᠯᠭᠠᠨ | ᠬᠦᠷᠭᠡᠬᠦ ᠪᠣᠯᠭᠠᠨ ᠬᠤᠪᠢᠷᠠᠭᠤᠯᠵᠤ᠂ ᠲᠦᠯᠡᠰᠢ ᠪᠠᠨ ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠪᠣᠬᠢᠷᠲᠤᠯ | ᠦᠭᠡᠢ ᠴᠠᠬᠢᠯᠭᠠᠨ ᠢᠶᠠᠨ ᠪᠣᠬᠢᠷᠲᠤᠯ ᠦᠭᠡᠢ ᠤᠰᠤᠲᠥ᠋ᠷᠥᠭᠴᠢ ᠪᠣᠬᠢᠷᠲᠤᠯ ᠦᠭᠡᠢ ᠰᠢᠪᠲᠦᠷ ᠪᠣᠬᠢᠷᠲᠤᠯ ᠦᠭᠡᠢ | ᠠᠯᠺᠤᠤᠯ ᠪᠣᠯᠭᠠᠨ ᠤᠷᠲᠤᠳᠬᠠᠬᠤ ᠪᠠᠷ ᠴᠢᠷᠮᠠᠶᠢᠵᠤ ᠪᠣᠢ᠃ ᠨᠡᠭᠦᠷᠡᠰᠦ ᠪᠠᠷ ᠲᠣᠰᠣ ᠦᠢᠯᠡᠳᠦᠭᠰᠡᠨ᠂ ᠨᠡᠭᠦᠷᠡᠰᠦ ᠪᠠᠷ | ᠰᠢᠲᠠᠮᠠᠬᠠᠶ ᠬᠡᠢ ᠦᠢᠯᠡᠳᠦᠭᠰᠡᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠦᠨ᠂ ᠰᠢᠨ᠎ᠡ ᠡᠨᠧᠷᠭᠢ ᠵᠢᠴᠢ ᠬᠠᠮᠢᠶ᠎ᠠ | ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠢᠶᠠᠨ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠭᠠᠬᠤ ᠶᠢ | ᠪᠠᠲᠤᠯᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠢ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠠᠴᠠ ᠳᠠᠪᠠᠭᠤᠯᠤᠨ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠶᠢ | ᠬᠤᠶᠠᠷ ᠵᠢᠯ ᠳᠠᠷᠠᠭᠠᠯᠠᠨ ᠨᠡᠭᠦᠷᠡᠰᠦᠨ ᠤ ᠠᠵᠤ ᠦᠢᠯᠡᠰ ᠠᠴᠠ ᠲᠦᠷᠭᠡᠨ ᠪᠣᠯᠭᠠᠨ᠂ ᠬᠤᠪᠣᠷ ᠰᠢᠷᠣᠶ ᠶᠢᠨ ᠠᠵᠤ | ᠦᠢᠯᠡᠰ ᠤᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠠᠪᠠᠭᠤᠯᠪᠠ᠃ | ᠬᠤᠶᠠᠷ ᠲᠤ᠂ ᠬᠤᠳᠠᠯᠳᠤᠭ᠎ᠠ ᠶᠢ ᠬᠥᠭᠵᠢᠭᠡᠨ ᠴᠢᠳᠠᠪᠤᠷᠢᠲᠠᠨ ᠢ ᠴᠤᠭᠯᠠᠭᠤᠯᠪᠠ᠃ ᠡᠬᠢ ᠪᠠᠶᠠᠯᠢᠭ ᠳᠠᠪᠠᠭᠤᠯᠢᠭ | ᠰᠠᠶᠢᠲᠠᠢ ᠪᠣᠯᠪᠠᠴᠤ ᠵᠠᠬ᠎ᠠ ᠳᠡᠯᠭᠡᠭᠦᠷ ᠤᠨ ᠬᠦᠴᠦᠨ ᠵᠦᠢᠯ ᠦᠯᠦ ᠬᠦᠷᠦᠯᠴᠡᠬᠦ ᠪᠣᠳᠠᠲᠤ ᠪᠠᠶᠢᠳᠠᠯ ᠠᠴᠠ ᠪᠠᠨ | ᠡᠭᠦᠰᠴᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠤᠷᠢᠵᠤ ᠠᠷᠭ᠎ᠠ ᠤᠬᠠᠭᠠᠨᠲᠠᠳ ᠢ | ᠵᠠᠯᠠᠬᠤ ᠠᠵᠢᠯ ᠢ ᠬᠦᠴᠦᠲᠡᠢ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠠ ᠴᠢᠳᠠᠪᠤᠷᠢᠲᠠᠨ ᠤ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠪᠠ ᠠᠷᠠᠳ ᠠᠴᠠ ᠡᠵᠡᠩᠨᠡᠭᠰᠡᠨ ᠭᠤᠣᠯᠳᠠᠯᠭ᠎ᠠ ᠪᠣᠯᠬᠤ ᠠᠵᠤ ᠠᠬᠤᠶᠢᠯᠠᠯ ᠤᠨ ᠨᠠᠮ ᠤᠨ | ᠬᠤᠷᠢᠶ᠎ᠠ ᠶᠢ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ | ᠠᠵᠢᠯᠯᠠᠭ᠎ᠠ ᠶᠢ ᠥᠷᠨᠢᠭᠦᠯᠦᠨ᠂ ᠲᠦᠷᠦ ᠶᠢᠨ ᠪᠤᠳᠤᠯᠭ᠎ᠠ ᠨᠤᠭᠤᠳ ᠢ ᠲᠣᠭᠲᠠᠭᠠᠨ ᠬᠡᠷᠡᠭᠵᠢᠭᠦᠯᠵᠦ᠂ ᠠᠵᠢᠯ | ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠲᠠᠲᠠᠵᠤ | ᠥᠪᠥᠷ ᠮᠣᠩᠭᠤᠯ ᠳᠤ ᠠᠵᠢᠯᠯᠠᠭᠤᠯᠤᠨ ᠠᠳᠠᠯ ᠦᠢᠯᠡᠰ ᠪᠣᠰᠬᠠᠭᠤᠯᠪᠠ᠃ ᠣᠶᠢᠷ᠎ᠠ ᠶᠢᠨ ᠬᠤᠶᠠᠷ ᠵᠢᠯ ᠳᠤ ᠪᠡᠯᠡ | ᠮᠥᠩᠭᠦ ᠶᠢ 1 ᠲᠦᠮᠡᠨ ᠳ᠋ᠦᠩᠰᠢᠭᠤᠷ ᠲᠥᠭᠦᠷᠢᠭ᠂ ᠳᠡᠭᠡᠳᠦ ᠲᠠᠰ ᠤᠨ ᠴᠢᠳᠠᠪᠤᠷᠢᠲᠠᠨ ᠢ 1431 ᠣᠷᠣᠭᠤᠯᠤᠨ | ᠠᠪᠴᠢᠷᠠᠵᠤ᠂ 2024 ᠣᠨ ᠳᠤ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠭᠤᠤᠯ ᠴᠣᠭᠴᠠ 16.4 | ᠲᠦᠮᠡᠨ ᠡᠷᠦᠬᠡ ᠪᠣᠳᠠᠲᠠᠢ ᠨᠡᠮᠡᠭᠳᠡᠵᠦ᠂ 6.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠤᠭᠰᠠᠨ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠶᠡᠷᠦᠩᠬᠡᠶ ᠲᠤᠭ᠎ᠠ 9.3% ᠪᠠᠷ ᠨᠡᠮᠡᠭᠳᠡᠵᠦ᠂ ᠠᠵᠤ ᠠᠬᠤᠶᠢᠯᠠᠯ ᠤᠨ | ᠪᠦᠬᠦᠯᠢ ᠴᠣᠭᠴᠠ ᠶᠢᠨ ᠲᠤᠭ᠎ᠠ ᠬᠡᠮᠵᠢᠭᠳᠡᠯ ᠤᠨ ᠠᠳᠠᠯᠢᠳᠬᠠᠮᠵᠢ 70% ᠠᠴᠠ ᠳᠡᠭᠡᠭᠰᠢ ᠳᠤ ᠬᠦᠷᠲᠡᠯ᠎ᠡ | ᠳᠡᠭᠡᠭᠰᠢᠯᠡᠪᠡ᠃ | ᠭᠤᠷᠪᠠ ᠳᠤ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠪᠠ᠃ ᠡᠯ᠎ᠡ ᠱᠠᠲᠤᠨ ᠤ ᠬᠢᠨ ᠢ ᠬᠥᠲᠥᠯᠦᠨ | ᠵᠢᠯᠣᠭᠤᠳᠴᠤ ᠪᠠᠶᠢᠭᠠᠳ ︽ᠡᠬᠢ ᠪᠠᠶᠠᠯᠢᠭ ᠢᠶᠠᠷ ᠡᠯᠪᠡᠭ ᠪᠥᠭᠡᠳ ᠲᠥᠪᠯᠡᠷᠡᠩᠭᠦᠢ ᠪᠠᠶᠢᠪᠠᠴᠤ ᠥᠴᠦᠬᠡᠨ ᠴᠦ | ᠪᠦᠷᠢᠯᠭᠡᠵᠦ ᠪᠣᠯᠬᠤ ᠦᠭᠡᠢ︾ ᠭᠡᠬᠦ ᠦᠵᠡᠯ ᠤᠬᠠᠮᠰᠠᠷ ᠢ ᠴᠢᠩᠭᠠᠷᠠᠭᠤᠯᠵᠤ᠂ ︽ᠲᠠᠪᠤ ᠶᠢ ᠲᠦᠢᠯᠪᠤᠷᠢᠲᠠᠢ ᠱᠦᠭᠦᠨ | ᠪᠠᠶᠢᠴᠠᠭᠠᠬᠤ︾ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ | ᠵᠠᠬ᠎ᠠ ᠬᠢᠵᠠᠭᠠᠷ ᠢ ᠠᠯᠪᠠᠳᠠᠯᠭ᠎ᠠ ᠪᠠᠷ ︽ᠴᠢᠩᠭ᠎ᠠ ᠬᠢᠵᠠᠭᠠᠷᠯᠠᠨ ᠲᠣᠭᠲᠠᠭᠠᠵᠤ︾᠂ ᠡᠨᠧᠷᠭᠢ᠂ ᠤᠰᠤ᠂ ᠠᠮᠤ | ᠪᠤᠳᠠᠭ᠎ᠠ᠂ ᠭᠠᠵᠠᠷ ᠰᠢᠷᠣᠶ᠂ ᠠᠭᠤᠷᠬᠠᠶ᠂ ᠮᠠᠲ᠋ᠧᠷᠢᠶᠠᠯ ᠵᠡᠷᠭᠡ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠥᠬᠦ | ᠲᠠᠯ᠎ᠠ ᠪᠠᠷ ᠠᠬᠢᠭᠤᠯᠤᠨ᠂ 2024 ᠣᠨ ᠳᠤ ᠪᠠᠨ ᠲᠠᠷᠢᠶᠠᠯᠠᠩ ᠳᠠᠬᠢ ᠠᠷᠪᠢᠯᠠᠭᠰᠠᠨ ᠤᠰᠤ 3.8 ᠳ᠋ᠦᠩᠰᠢᠭᠤᠷ | ᠺᠦᠪ ᠮᠧᠲᠷ ᠰᠢᠨ᠎ᠡ ᠪᠠᠷ ᠨᠡᠮᠡᠭᠳᠡᠪᠡ᠃ | ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ 3 ᠵᠢᠯ ᠳᠠᠷᠠᠭᠠᠯᠠᠨ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠲᠦᠷᠭᠡᠨ ᠪᠠᠶᠢᠵᠤ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠳ᠋ ᠤᠨ ᠵᠠᠰᠠᠭ ᠤᠨ ᠣᠷᠣᠯᠭ᠎ᠠ ᠶᠢᠨ ᠬᠤᠪᠢ ᠶᠢᠨ ᠵᠢᠩ | ᠪᠠ ᠡᠳ᠋ ᠤᠨ ᠵᠠᠰᠠᠭ ᠤᠨ ᠣᠷᠣᠯᠭ᠎ᠠ ᠳᠠᠬᠢ ᠭᠠᠶᠢᠯᠢ ᠲᠠᠲᠠᠪᠤᠷᠢ ᠶᠢᠨ ᠬᠤᠪᠢ ᠶᠢᠨ ᠵᠢᠩ 10% ᠪᠠ 70% ᠠᠴᠠ | ᠳᠡᠭᠡᠭᠰᠢ ᠪᠠᠶᠢᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠶᠠᠭ ᠴᠢᠨᠠᠷ ᠰᠠᠶᠢᠲᠠᠢ ᠬᠥᠭᠵᠢᠯᠲᠡ ᠶᠢᠨ ᠰᠠᠶᠢᠨ | ᠣᠷᠴᠢᠯ ᠳᠤ ᠲᠦᠷᠭᠡᠪᠴᠢᠯᠡᠨ ᠣᠷᠣᠵᠤ ᠪᠠᠶᠢᠨ᠎ᠠ᠃ | ᠦᠵᠡᠰᠭᠦᠯᠡᠩᠲᠦ ᠬᠢᠭᠡᠳ ᠬᠥᠭᠵᠢᠯᠲᠡ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠪᠡ | ᠰᠤᠷᠪᠤᠯᠵᠢᠯᠠᠭᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ᠂ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠳᠤ ᠴᠢᠬᠤᠯᠠ ᠦᠷ᠎ᠡ | ᠪᠦᠲᠦᠭᠡᠯ ᠤᠯᠬᠤ ᠶᠢ ᠠᠬᠢᠭᠤᠯᠵᠤ᠂ ︽ᠡᠯᠡᠰᠦ ᠭᠤᠪᠢ ᠴᠥᠯ︾ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠭᠡᠵᠦ ᠳᠤᠷᠠᠳᠪᠠ᠃ ᠥᠪᠥᠷ ᠮᠣᠩᠭᠤᠯ ᠪᠣᠬᠢᠷᠲᠤᠯ ᠦᠭᠡᠢ | ᠬᠥᠭᠵᠢᠯᠲᠡ ᠶᠢ ᠬᠡᠷᠬᠢᠨ ᠰᠦᠪᠡᠭᠴᠢᠯᠡᠪᠡ︖ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠠᠮᠠᠷ ᠵᠡᠷᠭᠡ | ᠪᠣᠢ︖ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠶᠠᠭᠤ ᠪᠣᠯᠬᠤ ᠪᠣᠢ︖ | ᠰᠦᠨ ᠱᠣᠣ ᠴᠧᠩ᠄ ᠪᠣᠬᠢᠷᠲᠤᠯ ᠦᠭᠡᠢ ᠪᠠᠶᠢᠯᠭᠠᠬᠤ ᠪᠣᠯ ᠥᠪᠥᠷ ᠮᠣᠩᠭᠤᠯ ᠤᠨ ᠤᠭ ᠲᠥᠷᠬᠦ ᠪᠠ ᠦᠨ᠎ᠡ | ᠥᠷᠲᠡᠭ ᠪᠣᠯᠣᠨ᠎ᠠ᠂ ᠡᠭᠦᠨ ᠢ ᠦᠢᠯᠡᠳᠦᠯᠭᠡ ᠤᠯᠠᠮ ᠠᠴᠠ ᠤᠯᠠᠮ ᠭᠡᠷᠡᠴᠢᠯᠡᠵᠦ ᠪᠠᠶᠢᠨ᠎ᠠ᠃ ᠪᠢᠳᠡ ᠪᠣᠬᠢᠷᠲᠤᠯ ᠦᠭᠡᠢ | ᠬᠥᠭᠵᠢᠯᠲᠡ ᠶᠢᠨ ᠣᠨᠣᠯᠵᠢᠬᠤᠨ ᠢ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠥᠰᠦᠯᠲᠡ ᠶᠢ ᠨᠡᠮᠡᠭᠳᠡᠭᠦᠯᠬᠦ ᠪᠠᠨ ᠵᠣᠬᠢᠴᠠᠭᠤᠯᠤᠨ ᠠᠬᠢᠭᠤᠯᠵᠤ᠂ ︽ᠦᠵᠡᠰᠬᠦᠯᠡᠩᠲᠦ ᠬᠢᠭᠡᠳ ᠬᠥᠭᠵᠢᠯᠲᠡ ᠶᠢᠨ | ᠬᠤᠣᠰ ᠠᠮᠵᠢᠯᠲᠠ︾ ᠶᠢ ᠴᠢᠷᠮᠠᠶᠢᠨ ᠪᠡᠶᠡᠯᠡᠭᠦᠯᠪᠡ᠃ | ᠨᠢᠭᠡ ᠲᠠᠯ᠎ᠠ ᠪᠠᠷ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ | ᠠᠳᠬᠤᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠳᠦᠷ ᠪᠦᠷᠢ ᠳᠤᠮᠳᠠᠴᠢ ᠪᠠᠷ 6 ᠲᠦᠮᠡᠨ ᠮᠦ ᠶᠢᠨ | ᠬᠤᠷᠳᠤᠴᠠ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠨ ᠠᠬᠢᠭᠤᠯᠵᠤ᠂ ᠨᠢᠳᠤᠨᠤᠨ ᠪᠦᠬᠦ | ᠣᠷᠣᠨ ᠳᠤ 1954 ᠲᠦᠮᠡᠨ ᠮᠦ ᠡᠯᠡᠰᠦ ᠶᠢ ᠵᠠᠰᠠᠵᠤ᠂ 659 ᠲᠦᠮᠡᠨ ᠮᠦ ᠣᠶᠢᠵᠢᠭᠤᠯᠵᠤ᠂ 1923 ᠲᠦᠮᠡᠨ | ᠮᠦ ᠡᠪᠡᠰᠦ ᠲᠠᠷᠢᠵᠤ᠂ ᠬᠠᠳᠤᠨ ᠭᠤᠣᠯ ᠤᠨ ︽ᠶᠡᠭᠡ ᠲᠣᠬᠤᠢ︾ ᠳᠠᠬᠢ ᠬᠥᠪᠴᠢ ᠶᠢᠨ ᠡᠯᠡᠰᠦᠨ ᠳᠤ | ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ | ᠪᠦᠰᠡ᠂ ᠡᠯᠡᠰᠦᠨ ᠤ ᠵᠠᠬ᠎ᠠ ᠶᠢ ᠴᠢᠳᠦᠷᠯᠡᠬᠦ ᠤᠢ ᠵᠡᠷᠭᠡ ᠲᠦᠷᠪᠡᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ | ᠥᠩᠭᠡᠷᠡᠭᠰᠡᠨ ᠳᠤ᠂ ᠣᠷᠳᠣᠰ ᠤᠨ ᠵᠠᠭᠠᠭ ᠳᠣᠲᠣᠷᠠᠬᠢ ︽ᠠᠷᠪᠠᠨ ᠶᠡᠭᠡ ᠬᠦᠨᠳᠡᠢ︾ ᠵᠢᠯ ᠪᠦᠷᠢ ᠬᠠᠲᠤᠨ | ᠭᠤᠤᠯ ᠳᠤ 2700 ᠭᠠᠷᠤᠶ ᠲᠦᠮᠡᠨ ᠲᠣᠨ ᠡᠯᠡᠰᠦ ᠴᠢᠳᠬᠤᠵᠤ ᠪᠠᠶᠢᠭᠰᠠᠨ ᠠᠴᠠ ᠪᠠᠨ ᠣᠲᠣ ᠨᠢᠭᠡᠨᠲᠡ 400 | ᠭᠠᠷᠤᠶ ᠲᠦᠮᠡᠨ ᠲᠣᠨ ᠬᠦᠷᠲᠡᠯ᠎ᠡ ᠪᠠᠭᠤᠷᠠᠵᠤ᠂ 2030 ᠣᠨ ᠪᠣᠯᠬᠤ ᠳᠤ 100 ᠲᠦᠮᠡᠨ ᠲᠣᠨ ᠠᠴᠠ ᠳᠣᠷᠣᠭᠰᠢ | ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠵᠦ ᠪᠤᠢ᠃ | ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠶᠢ ᠠᠬᠢᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ︽ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ | ᠬᠥᠭᠵᠢᠭᠦᠯᠬᠦ ᠬᠡᠷᠡᠭᠲᠡᠢ︾ ᠭᠡᠰᠡᠨ ᠴᠢᠬᠤᠯᠠ ᠱᠠᠭᠠᠷᠳᠠᠯᠭ᠎ᠠ ᠶᠣᠰᠣᠭᠠᠷ᠂ ᠰᠢᠨ᠎ᠡ ᠡᠨᠧᠷᠭᠢ ᠶᠢᠨ ᠪᠦᠬᠦ ᠠᠵᠤ | ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠪᠠ᠃ ᠨᠢᠳᠤᠨᠤᠨ ᠪᠥᠬᠦ ᠣᠷᠣᠨ ᠳᠠᠬᠢ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ ᠲᠤ ᠬᠦᠷᠴᠦ᠂ ᠡᠨᠧᠷᠭᠢ ᠨᠥᠭᠡᠴᠡᠯᠡᠬᠦ ᠮᠠᠰᠢᠨ | ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠪᠣᠬᠢᠷᠲᠤᠯ ᠥᠬᠡᠶ ᠴᠠᠬᠢᠯᠭᠠᠨ ᠤ ᠬᠡᠷᠡᠭᠯᠡᠭᠡ ᠨᠢ ᠴᠠᠬᠢᠯᠭᠠᠨ | ᠬᠡᠷᠡᠭᠯᠡᠬᠦ ᠬᠡᠮᠵᠢᠶᠡᠨ ᠤ 30% ᠳᠤ ᠣᠶᠢᠷᠠᠳᠪᠠ᠃ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ | ᠬᠡᠷᠡᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ | ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠬᠦᠷᠵᠢᠭᠦᠯᠦᠨ ᠵᠠᠰᠠᠪᠠ᠃ ᠬᠥᠪᠴᠢ ᠶᠢᠨ ᠡᠯᠡᠰᠦᠨ ᠳᠤ | 400 ᠺᠢᠯᠤᠮᠧᠲᠷ ᠤᠷᠳᠤ᠂ 5 ᠺᠢᠯᠤᠮᠧᠲᠷ ᠥᠷᠭᠡᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠠᠵᠤ | ᠦᠢᠯᠡᠰ ᠤᠨ ᠪᠥᠰᠡ ᠪᠠᠶᠢᠭᠤᠯᠬᠤ ᠪᠠᠷ ᠲᠥᠯᠥᠪᠯᠡᠵᠦ ᠪᠤᠢ᠃ ᠭᠠᠲᠠᠭᠠᠲᠤ ᠶᠢᠨ ᠵᠠᠷᠢᠮ ᠵᠠᠭᠤᠴᠢᠯᠠᠭᠤᠷ ᠤᠨ ᠬᠢᠨ | ᠡᠭᠦᠨ ᠢ ᠳᠣᠮᠲᠠᠲᠤ ᠤᠯᠤᠰ ᠣᠲᠤ ᠶᠠᠭ ᠥᠭᠡᠷ᠎ᠡ ᠨᠢᠭᠡᠨ ︽ᠤᠷᠲᠤ ᠴᠠᠭᠠᠨ ᠬᠡᠷᠡᠮ︾ ᠢ ᠪᠠᠶᠢᠭᠤᠯᠵᠤ᠂ | ︽ᠳᠣᠮᠲᠠᠲᠤ ᠤᠯᠤᠰ ᠴᠠᠪᠡᠷ ᠡᠨᠧᠷᠭᠢᠲᠦ ᠢᠷᠠᠭᠡᠲᠣᠢ ᠵᠦᠭ ᠲᠡᠮᠡᠦᠯᠬᠦ ᠬᠤᠷᠲᠣᠴᠠ︾ ᠶᠢ ᠨᠢ ᠳᠦᠯᠣᠭᠡᠯᠠᠵᠤ ᠪᠠᠶᠢᠨ᠎ᠠ | ᠭᠡᠵᠦ ᠮᠡᠳᠡᠭᠡᠯᠡᠵᠡᠢ᠃ | ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠥᠷᠭᠡᠨ | ᠠᠭᠤᠳᠠᠮ ᠪᠠᠶᠢᠨ᠎ᠠ᠃ ᠡᠨᠡ ᠵᠢᠯ ᠤᠨ ᠬᠠᠷᠠᠯᠲᠠ ᠪᠣᠯ 4000 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠰᠢᠨ᠎ᠡ ᠬᠡᠯᠪᠡᠷᠢ ᠪᠦᠬᠦᠢ ᠡᠨᠧᠷᠭᠢ ᠨᠥᠭᠡᠴᠡᠯᠡᠬᠦ ᠲᠥᠷᠥᠯ ᠵᠦᠢᠯ ᠢ | 1000 ᠲᠦᠮᠡᠨ ᠺᠢᠯᠣᠸᠠᠲ ᠠᠴᠠ ᠳᠡᠭᠡᠭᠰᠢ ᠪᠣᠯᠭᠠᠬᠤ ᠠᠵᠢᠯ ᠢ ᠰᠢᠨ᠎ᠡ ᠪᠠᠷ ᠡᠬᠢᠯᠡᠭᠦᠯᠵᠦ᠂ ᠤᠰᠤᠲᠥ᠋ᠷᠥᠭᠴᠢ | ᠡᠨᠧᠷᠭᠢ ᠦᠢᠯᠡᠳᠪᠦᠷᠢᠯᠡᠬᠦ ᠴᠢᠳᠠᠮᠵᠢ ᠶᠢ 20 ᠲᠦᠮᠡᠨ ᠲᠣᠨ ᠳᠤ ᠬᠦᠷᠦᠭᠦᠯᠵᠦ᠂ ᠭᠠᠳᠠᠭᠰᠢ 800 ᠳ᠋ᠦᠩᠰᠢᠭᠤᠷ | ᠺᠢᠯᠣᠸᠠᠲ ᠴᠠᠭ ᠠᠴᠠ ᠳᠡᠭᠡᠭᠰᠢᠬᠢ ᠪᠣᠬᠢᠷᠲᠤᠯ ᠦᠭᠡᠢ ᠴᠠᠬᠢᠯᠭᠠᠨ ᠬᠦᠷᠭᠡᠬᠦ ᠪᠠᠷ ᠴᠢᠷᠮᠠᠶᠢᠨ᠎ᠠ᠃ | ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠥᠷᠭᠡᠴᠡ ᠪᠠ ᠭᠦᠨᠴᠡ ᠶᠢ ᠢᠳᠡᠪᠬᠢᠲᠡᠢ ᠪᠠᠷ ᠥᠷᠭᠡᠳᠬᠡᠨ᠎ᠡ | ᠰᠤᠷᠪᠤᠯᠵᠢᠯᠠᠭᠴᠢ᠄ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠪᠣᠯᠣᠨ᠎ᠠ᠂ ᠦᠢᠯᠡᠳᠦᠯᠭᠡ ᠶᠢᠨ ᠳᠤᠮᠳᠠ ᠨᠡᠭᠡᠭᠡᠯᠲᠡ ᠬᠢᠵᠦ ᠬᠠᠮᠲᠤᠷᠠᠯᠴᠠᠨ ᠠᠵᠢᠯᠯᠠᠬᠤ ᠶᠢ | ᠬᠡᠷᠬᠢᠨ ᠠᠬᠢᠭᠤᠯᠤᠭᠰᠠᠨ ᠪᠤᠢ︖ | ᠰᠦᠨ ᠱᠣᠣ ᠴᠧᠩ᠄ ᠥᠪᠥᠷ ᠮᠣᠩᠭᠤᠯ ᠤᠨ ᠣᠷᠣᠨ ᠪᠠᠶᠢᠷᠢ ᠶᠢᠨ ᠳᠠᠪᠠᠭᠤᠯᠢᠭ ᠤᠯᠠᠨ ᠠᠴᠠ ᠣᠨᠴᠠᠭᠠᠢ | ᠪᠠᠶᠢᠵᠤ᠂ ᠣᠶᠢᠷ᠎ᠠ ᠶᠢᠨ ᠬᠤᠶᠠᠷ ᠵᠢᠯ ᠳᠤ ᠪᠢᠳᠡ ᠨᠡᠭᠡᠭᠡᠯᠲᠡ ᠬᠢᠬᠦ ᠲᠠᠪᠴᠠᠩ ᠤᠨ ᠪᠠᠶᠢᠭᠤᠯᠤᠯᠲᠠ ᠪᠠᠨ | ᠴᠢᠩᠭᠠᠳᠬᠠᠨ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠴᠣᠭᠴᠠᠯᠠᠬᠤ᠂ ᠳᠤᠮᠳᠠᠳᠤ ᠡᠸᠦ᠋ᠷᠦᠫᠡ ᠶᠢᠨ | ᠵᠢᠰᠢᠶᠠᠨ ᠤ ᠴᠤᠪᠤᠭ᠎ᠠ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠦᠷᠭᠡᠳᠬᠡᠬᠦ ᠪᠠᠨ | ᠨᠢᠭᠡᠳᠦᠯᠲᠡᠢ ᠲᠦᠯᠦᠪᠯᠡᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠳᠠᠬᠢᠨ ᠢᠶᠠᠷ | ᠨᠡᠮᠡᠭᠳᠡᠭᠦᠯᠬᠦ ᠵᠢᠷᠭᠤᠭᠠᠨ ᠲᠥᠯᠥᠪᠯᠡᠭᠡ︾ ᠪᠠ ︽ᠲᠦᠷᠪᠡᠨ ᠵᠦᠢᠯ ᠤᠨ ᠠᠵᠢᠯᠯᠠᠭᠠᠨ︾ ᠢ ᠭᠦᠨᠵᠡᠭᠡᠢ | ᠬᠡᠷᠡᠭᠵᠢᠭᠦᠯᠦᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠲᠣᠭᠠᠳᠤ | ᠭᠠᠳᠠᠭᠠᠳᠤ ᠳᠤ ᠨᠡᠭᠡᠭᠡᠯᠲᠡ ᠬᠢᠬᠦ ᠲᠠᠯ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠵᠠᠢ᠃ ᠨᠢᠳᠤᠨᠤᠨ᠂ ᠳᠤᠮᠳᠠᠳᠤ | ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ | ᠠᠮᠵᠢᠯᠲᠠ ᠲᠠᠢ ᠪᠠᠷ ᠵᠥᠪᠰᠢᠶᠡᠷᠡᠭᠳᠡᠵᠦ᠂ ᠪᠥᠬᠦ ᠣᠷᠣᠨ ᠤ ᠬᠠᠭᠤᠷᠠᠢ ᠵᠠᠮ ᠤᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ | ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠮᠵᠢᠶ᠎ᠡ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ | ᠬᠡᠮᠵᠢᠶ᠎ᠡ᠂ ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠲᠣᠰ ᠲᠣᠰ | 113%᠂ 68.3%᠂ 53% ᠪᠠᠷ ᠨᠡᠮᠡᠭᠳᠡᠪᠡ᠃ ᠥᠪᠥᠷ ᠮᠣᠩᠭᠤᠯ ᠤᠨ ᠪᠦᠲᠦᠭᠡᠭᠳᠡᠬᠦᠨ ᠢᠶᠠᠨ ᠪᠡᠭᠡᠵᠢᠩ ᠳᠤ | ᠣᠷᠣᠭᠤᠯᠵᠤ ᠪᠣᠷᠣᠯᠠᠭᠤᠯᠤᠭᠰᠠᠨ ᠲᠤᠭ᠎ᠠ᠂ ᠥᠪᠥᠷ ᠮᠣᠩᠭᠤᠯ ᠳᠠᠬᠢ ᠪᠡᠭᠡᠵᠢᠩ ᠤᠨ ᠪᠡᠯᠡ ᠮᠥᠩᠭᠦᠨ ᠤ ᠪᠡᠯᠡ | ᠣᠷᠣᠭᠤᠯᠤᠯᠲᠠ ᠶᠢᠨ ᠲᠤᠭ᠎ᠠ ᠶᠡᠭᠡ ᠪᠠᠷ ᠨᠡᠮᠡᠭᠳᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠵᠤ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ | ᠡᠭᠦᠳᠦᠯᠲᠡ ᠶᠢᠨ 223 ᠵᠦᠢᠯ ᠤᠨ ᠦᠷ᠎ᠡ ᠪᠦᠲᠦᠭᠡᠯ ᠢ ᠬᠠᠭᠤᠯᠪᠤᠷᠢᠯᠠᠨ ᠳᠡᠯᠭᠡᠷᠡᠭᠦᠯᠪᠡ᠃ | ᠡᠨᠡ ᠵᠢᠯ᠂ ᠪᠢᠳᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠠᠳᠠᠭᠠᠳᠤ᠂ ᠳᠣᠲᠣᠭᠠᠳᠤ ᠳᠠᠬᠢ ᠬᠠᠮᠲᠤᠷᠠᠯᠴᠠᠭ᠎ᠠ ᠪᠠ ᠣᠷᠣᠨ ᠤ ᠳᠣᠲᠣᠭᠠᠳᠤᠬᠢ ᠡᠯ᠎ᠡ | ᠠᠶᠢᠮᠠᠭ ᠬᠤᠲᠠ ᠶᠢᠨ ᠬᠠᠮᠵᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠭᠠᠳᠠᠭᠠᠳᠤ ᠳᠤ᠂ | ᠭᠤᠣᠯᠳᠠᠭᠤ ᠣᠷᠣᠰ ᠮᠣᠩᠭᠤᠯ ᠳᠤ ᠨᠡᠭᠡᠭᠡᠯᠲᠡ ᠬᠢᠬᠦ ᠪᠠᠨ ᠥᠷᠭᠡᠳᠬᠡᠵᠦ᠂ ︽ᠭᠠᠷᠭᠠᠬᠤ︾ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ︽ᠣᠷᠣᠭᠤᠯᠤᠭᠰᠠᠨ︾ ᠦᠢᠯᠡᠳᠬᠦᠨ ᠢᠶᠠᠨ ᠰᠠᠶᠢᠲᠤᠷ ᠬᠡᠷᠡᠭᠯᠡᠨ᠂ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠠᠬᠢ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ︔ ᠳᠣᠲᠣᠭᠠᠳᠤ ᠳᠤ ᠪᠠᠨ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ | ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠡᠭᠡᠵᠢᠩ ᠥᠪᠥᠷ | ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠥᠷᠭᠡᠳᠬᠡᠨ᠂ ᠪᠥᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠶᠢᠨ | ᠬᠥᠭᠵᠢᠯᠲᠡ ᠪᠠᠨ ᠪᠡᠶᠡᠯᠡᠭᠦᠯᠦᠨ᠎ᠡ᠃ ᠣᠷᠣᠨ ᠤ ᠳᠣᠲᠣᠭᠠᠳᠤ ᠳᠤ ᠪᠠᠨ᠂ ᠭᠤᠣᠯᠳᠠᠯᠭ᠎ᠠ ᠨᠢ ᠵᠡᠭᠦᠨ ᠬᠡᠰᠡᠭ ᠤᠨ | ᠭᠠᠵᠠᠷ ᠣᠷᠣᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠭᠠᠵᠠᠷ ᠣᠷᠣᠨ᠂ ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠬᠤᠯᠪᠤᠭᠠᠯᠠᠨ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠶᠢ ᠠᠬᠢᠭᠤᠯᠬᠤ | ᠶᠠᠪᠤᠳᠠᠯ ᠪᠣᠯᠣᠨ᠎ᠠ᠂ ᠪᠢᠳᠡ ᠲᠣᠰ ᠲᠣᠰ ᠬᠤᠷᠠᠯ ᠬᠤᠷᠠᠯᠳᠤᠭᠤᠯᠵᠤ ᠨᠢᠭᠡᠳ ᠨᠢᠭᠡ ᠪᠠᠷ ᠰᠤᠳᠤᠯᠤᠨ | ᠪᠠᠶᠢᠷᠢᠯᠠᠭᠤᠯᠤᠨ᠎ᠠ᠃ | ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠬᠥᠭᠵᠢᠯᠲᠡ ᠶᠢᠨ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠦᠨ᠎ᠡ | ᠰᠤᠷᠪᠤᠯᠵᠢᠯᠠᠭᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠭᠤᠣᠯᠳᠠᠭᠤ ᠠᠯᠢ ᠲᠠᠯ᠎ᠠ ᠪᠠᠷ ᠬᠦᠴᠦᠯᠡᠬᠦ ᠪᠤᠢ︖ | ᠰᠦᠨ ᠱᠣᠣ ᠴᠧᠩ᠄ ᠥᠪᠥᠷ ᠮᠣᠩᠭᠤᠯ ᠤᠨ ᠬᠥᠭᠵᠢᠯᠲᠡ ᠳᠠᠬᠢ ᠬᠠᠮᠤᠭ ᠤᠨ ᠲᠤᠯᠭᠠᠮ ᠰᠢᠢᠳᠪᠦᠷᠢᠯᠡᠬᠦ | ᠴᠢᠬᠤᠯᠠᠲᠠᠢ ᠪᠠᠶᠢᠭ᠎ᠠ ᠠᠰᠠᠭᠤᠳᠠᠯ ᠪᠣᠯ ᠵᠠᠬ᠎ᠠ ᠳᠡᠯᠭᠡᠭᠦᠷ ᠤᠨ ᠤᠬᠠᠮᠰᠠᠷ ᠢᠶᠠᠷ ᠴᠢᠩᠭ᠎ᠠ ᠪᠤᠰᠤ ᠪᠠᠶᠢᠬᠤ ᠠᠰᠠᠭᠤᠳᠠᠯ | ᠪᠣᠯᠣᠨ᠎ᠠ᠃ ᠪᠢᠳᠡᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ | ᠭᠤᠣᠯᠳᠠᠯᠭ᠎ᠠ ᠪᠣᠯ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ | ︽ᠭᠤᠷᠪᠠᠨ ᠲᠦᠪᠰᠢᠨ︾ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ | ᠨᠢᠭᠡ ᠳᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ | ᠲᠦᠪᠰᠢᠨ ᠢᠶᠠᠨ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠠᠵᠢᠯᠯᠠᠭ᠎ᠠ ᠶᠢ ᠥᠷᠨᠢᠭᠦᠯᠬᠦ ᠳᠤ ᠡᠷᠬᠡᠪᠰᠢ ᠠᠵᠤ | ᠠᠬᠤᠢ ᠶᠢᠨ ᠵᠢᠮ᠎ᠡ ᠶᠣᠰᠣ ᠪᠠᠷ ᠠᠵᠢᠯᠯᠠᠵᠤ᠂ ᠵᠠᠬ᠎ᠠ ᠳᠡᠯᠭᠡᠭᠦᠷ ᠲᠤ ᠲᠤᠰᠢᠶᠠᠨ ᠥᠭᠴᠦ ᠪᠣᠯᠬᠤ ᠶᠢ ᠨᠢ ᠵᠠᠬ᠎ᠠ | ᠳᠡᠯᠭᠡᠭᠦᠷ ᠲᠤ ᠲᠤᠰᠢᠶᠠᠨ ᠥᠭᠴᠦ᠂ ᠦᠷ᠎ᠡ ᠠᠰᠢᠭ ᠢ ᠨᠢ ᠠᠯᠢ ᠴᠢᠳᠠᠬᠤ ᠪᠠᠷ ᠬᠠᠮᠤᠭ ᠤᠨ ᠶᠡᠭᠡ ᠪᠣᠯᠭᠠᠨ᠎ᠠ᠃ | ᠡᠭᠦᠨ ᠤ ᠲᠤᠯᠠᠳᠠ ᠪᠢᠳᠡ ᠦᠷ᠎ᠡ ᠠᠰᠢᠭ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠨᠠᠷᠢᠯᠢᠭ ᠪᠤᠳᠤᠬᠤ | ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ ᠪᠠ ᠲᠡᠭᠦᠨ ᠳᠤ | ᠦᠢᠯᠡᠴᠢᠯᠡᠬᠦ ᠤᠷᠢᠲᠠᠯ ᠳᠣᠣᠷ᠎ᠠ᠂ ᠡᠨᠧᠷᠭᠢ᠂ ᠴᠠᠬᠢᠯᠭᠠᠨ ᠬᠦᠴᠦᠨ᠂ ᠭᠠᠵᠠᠷ ᠰᠢᠷᠣᠢ᠂ ᠳ᠋ᠠᠶᠢᠲ᠋ᠠ ᠵᠡᠷᠭᠡ ᠬᠦᠴᠦᠨ | ᠵᠦᠢᠯ ᠢ ᠴᠥᠮ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠲᠣᠬᠢᠷᠠᠭᠤᠯᠤᠨ᠎ᠠ ᠭᠡᠵᠦ ᠳᠤᠷᠠᠳᠪᠠ᠃ ᠨᠢᠳᠤᠨᠤᠨ | ᠪᠥᠬᠦ ᠣᠷᠣᠨ ᠳᠤ ᠫᠠᠶᠢᠰᠠ ᠡᠯᠭᠦᠬᠦ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ ᠵᠡᠷᠭᠡ | ᠬᠡᠯᠪᠡᠷᠢ ᠪᠠᠷ ᠠᠭᠤᠷᠬᠠᠢ ᠶᠢᠨ ᠠᠵᠢᠯ ᠲᠥᠷᠥᠯ ᠤᠨ 66 ᠡᠷᠬᠡ ᠶᠢ ᠰᠢᠯᠵᠢᠭᠦᠯᠦᠨ ᠬᠤᠳᠠᠯᠳᠤᠵᠤ᠂ 762 | ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠬᠢᠯᠭᠠᠨ ᠢ ᠠᠷᠠᠯᠵᠢᠶᠠᠯᠠᠵᠤ᠂ ᠬᠡᠪᠴᠢᠶ᠎ᠡ ᠨᠢ ᠪᠥᠬᠦ | ᠤᠯᠤᠰ ᠤᠨ ᠲᠡᠷᠢᠭᠦᠨ ᠳᠤ ᠪᠠᠶᠢᠷᠢᠯᠠᠪᠠ᠃ | ᠬᠤᠶᠠᠷ ᠲᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠨᠡᠶᠢᠭᠡᠮ ᠤᠨ ᠵᠠᠰᠠᠯᠲᠠ ᠶᠢᠨ | ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠥᠪ ᠭᠤᠣᠯᠴᠢ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ | ᠪᠤᠢ ᠪᠣᠯᠭᠠᠬᠤ ᠳᠤ ᠵᠥᠪᠬᠡᠨ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ︽ᠬᠠᠮᠢᠶᠠᠷᠴᠤ︾ ᠪᠣᠯᠬᠤ ᠦᠭᠡᠢ᠂ ᠪᠠᠰᠠ | ᠵᠠᠬ᠎ᠠ ᠳᠡᠯᠭᠡᠭᠦᠷ ᠤᠨ ᠲᠣᠭᠲᠠᠴᠠ ᠪᠠᠷ ︽ᠵᠢᠯᠤᠭᠤᠳᠬᠤ︾ ᠬᠡᠷᠡᠭᠲᠡᠢ᠃ ᠥᠩᠭᠡᠷᠡᠭᠰᠡᠨ ᠳᠤ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠨᠥᠬᠦᠪᠦᠷᠢ ᠶᠢ ᠣᠯᠭᠤᠬᠤ ᠳᠤ ᠪᠠᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠦᠷ᠎ᠡ ᠪᠦᠲᠦᠮᠵᠢ ᠯᠦᠭᠡ ᠬᠤᠯᠪᠣᠭᠳᠠᠭᠤᠯᠬᠤ ᠦᠭᠡᠢ ᠪᠠᠶᠢᠭᠰᠠᠨ ᠠᠴᠠ᠂ ᠵᠠᠷᠢᠮ ᠨᠢ ᠨᠥᠬᠦᠪᠦᠷᠢ | ᠣᠯᠣᠭᠰᠠᠨ ᠴᠦ ᠳᠠᠭᠠᠭᠠᠴᠠ ᠠᠴᠠ ᠨᠢ ᠬᠡᠲᠦᠷᠡᠲᠡᠯ᠎ᠡ ᠪᠡᠯᠴᠢᠭᠡᠷᠯᠡᠨ ᠮᠠᠯᠵᠢᠵᠤ ᠪᠠᠶᠢᠪᠠ᠃ ᠨᠢᠳᠤᠨᠤᠨ ᠪᠢᠳᠡ ᠡᠨᠡ ᠬᠦ | ᠪᠠᠶᠢᠳᠠᠯ ᠢ ᠬᠤᠪᠢᠷᠠᠭᠤᠯᠤᠨ᠂ ᠳᠠᠭᠠᠭᠠᠴᠠ ᠠᠴᠠ ᠨᠢ ᠬᠡᠲᠦᠷᠡᠲᠡᠯ᠎ᠡ ᠪᠡᠯᠴᠢᠭᠡᠷᠯᠡᠭᠰᠡᠨ ᠳᠤ ᠨᠢ ᠨᠥᠬᠦᠪᠦᠷᠢ ᠥᠭᠬᠦ | ᠦᠭᠡᠢ ᠪᠠᠷ ᠪᠠᠷᠠᠬᠤ ᠦᠭᠡᠢ ᠪᠠᠰᠠ ᠰᠢᠢᠳᠬᠡᠵᠦ ᠲᠣᠷᠭᠠᠭᠰᠠᠨ ᠠᠴᠠ ᠦᠷ᠎ᠡ ᠳ᠋ᠦᠩ ᠨᠢ ᠳᠣᠣᠷ᠎ᠠ ᠪᠠᠨ ᠠᠳᠠᠯᠢ ᠦᠭᠡᠢ | ᠪᠣᠯᠵᠤ᠂ ᠲᠤᠷᠰᠢᠯᠲᠠ ᠬᠢᠭᠰᠡᠨ 17 ᠬᠤᠰᠢᠭᠤ ᠰᠢᠶᠠᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ ᠴᠥᠮ 10% ᠠᠴᠠ ᠳᠣᠷᠣᠭᠰᠢ ᠬᠦᠷᠲᠡᠯ᠎ᠡ ᠪᠠᠭᠤᠷᠠᠵᠠᠢ᠃ | ᠵᠠᠯᠭᠠᠭᠠᠳ ᠪᠢᠳᠡ ᠡᠯ᠎ᠡ ᠬᠦᠷᠢᠶ᠎ᠡ ᠴᠠᠷᠠᠭᠠᠨ ᠳᠤ ᠡᠶᠢᠮᠦᠷᠬᠦᠦ ᠠᠷᠭ᠎ᠠ ᠶᠢ ᠬᠡᠷᠡᠭᠵᠢᠭᠦᠯᠵᠦ᠂ ᠬᠦᠴᠦᠨ ᠵᠦᠢᠯ ᠤᠨ | ᠵᠠᠬ᠎ᠠ ᠳᠡᠯᠭᠡᠭᠦᠷ ᠤᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ ᠨᠡᠶᠢᠭᠡᠮ ᠤᠨ ᠡᠮᠬᠢ | ᠳᠢᠭᠯᠢᠮ ᠢ ᠰᠢᠯᠢᠳᠡᠭᠵᠢᠭᠦᠯᠬᠦ ᠪᠣᠯᠣᠨ᠎ᠠ᠃ | ᠭᠤᠷᠪᠠ ᠳᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠤᠯᠠᠨ ᠲᠦᠮᠡᠨ ᠳᠤ ᠦᠢᠯᠡᠴᠢᠯᠡᠬᠦ | ᠲᠦᠪᠰᠢᠨ ᠢᠶᠠᠨ ᠳᠡᠭᠡᠭᠰᠢᠯᠡᠭᠦᠯᠦᠨ᠎ᠡ᠃ ᠪᠢ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ | ᠬᠢᠬᠦ ᠳᠤ ᠪᠠᠨ ᠮᠠᠰᠢ ᠣᠯᠠᠨ ᠤᠴᠢᠷ ᠶᠠᠪᠤᠳᠠᠯ ᠳᠤ ᠰᠦᠢᠳᠬᠡᠯ ᠬᠤᠷᠢᠶᠠᠬᠤ ᠬᠥᠮᠥᠨ ᠪᠠᠶᠢᠬᠤ ᠦᠭᠡᠢ ᠪᠦᠭᠡᠳ | ᠬᠠᠮᠢᠶᠠᠷᠬᠤ ᠬᠥᠮᠥᠨ ᠴᠦ ᠪᠠᠶᠢᠬᠤ ᠦᠭᠡᠢ ᠪᠠᠶᠢᠳᠠᠯ ᠲᠠᠢ ᠠᠴᠠ ᠪᠣᠯᠵᠤ ᠵᠠᠷᠢᠮ ᠣᠯᠠᠨ ᠨᠡᠶᠢᠲᠡ ᠶᠢᠨ ᠦᠢᠯᠡᠴᠢᠯᠡᠭᠡᠨ ᠤ | ᠶᠠᠰᠤ ᠴᠢᠨᠠᠷ ᠢᠶᠠᠨ ᠪᠠᠲᠤᠯᠠᠬᠤ ᠶᠢᠨ ᠠᠷᠭ᠎ᠠ ᠦᠭᠡᠢ ᠪᠠᠶᠢᠬᠤ ᠶᠢ ᠣᠯᠵᠤ ᠮᠠᠲᠠᠵᠠᠢ᠃ ᠪᠢᠳᠡ ︽ᠨᠡᠶᠢᠲᠡ ᠶᠢᠨ | ᠠᠰᠠᠷᠠᠮᠵᠢ + ᠵᠠᠬ᠎ᠠ ᠳᠡᠯᠭᠡᠭᠦᠷ︾ ᠤᠨ ᠡᠵᠡᠩᠨᠡᠨ ᠠᠵᠢᠯᠯᠠᠭᠤᠯᠬᠤ ᠬᠡᠪ ᠵᠠᠭᠪᠤᠷ ᠢ ᠰᠦᠪᠡᠭᠴᠢᠯᠡᠨ | ᠲᠡᠭᠦᠯᠳᠡᠷᠵᠢᠭᠦᠯᠵᠦ᠂ ᠣᠯᠠᠨ ᠲᠦᠮᠡᠨ ᠤ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠬᠤ ᠪᠠᠷ ᠨᠠᠩ ᠣᠯᠠᠨ ᠡᠵᠡᠩᠨᠡᠯᠲᠡ ᠶᠢᠨ ᠭᠤᠣᠯ ᠴᠣᠭᠴᠠ ᠶᠢ ᠲᠡᠳᠡᠨ ᠠᠪᠴᠢᠷᠠᠵᠤ ᠰᠤᠷᠭᠠᠨ | ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠲᠤ ᠪᠡᠯᠡ | ᠣᠷᠣᠯᠠᠭᠤᠯᠬᠤ ᠪᠠᠷ ᠪᠠᠶᠢᠨ᠎ᠠ᠃ | |