ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠳᠬᠤᠵᠤ ᠥᠭᠡᠷᠡᠴᠢᠯᠡᠯᠲᠡ ᠶᠢᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠰᠤᠭᠠᠢ
ᠨᠡᠶᠢᠲᠡᠯᠡᠭᠰᠡᠨ ᠴᠠᠭ᠄
2025/1/22
    ︽ᠳᠠᠭᠠᠷᠢᠬᠤ︾ ᠦᠭᠡᠢ ᠪᠣᠯ ᠪᠣᠭᠤᠮᠲᠠ ᠰᠢᠪᠲᠤᠯᠵᠤ ᠳᠡᠶᠢᠯᠭᠦ ᠦᠭᠡᠢ᠂ ︽ᠠᠵᠢᠯᠯᠠᠬᠤ︾ ᠦᠭᠡᠢ ᠪᠣᠯ ᠶᠠᠪᠤᠳᠠᠯ ᠪᠦᠲᠦᠭᠡᠵᠦ ᠴᠢᠳᠠᠬᠤ ᠦᠭᠡᠢ᠃ ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠶᠤᠮ ᠦᠦ ᠨᠠᠵᠠᠭᠠᠢ ᠶᠤᠮ ᠦᠦ᠂ ᠰᠠᠨᠠᠭᠠᠴᠢᠯᠠᠭ᠎ᠠ ᠲᠠᠢ ᠶᠤᠮ ᠦᠦ ᠰᠠᠨᠠᠭᠠᠴᠢᠯᠭᠠᠳᠤ ᠪᠤᠰᠤ ᠶᠤᠮ ᠤᠤ᠂ ᠵᠠᠪᠳᠤᠨ ᠭᠦᠶᠦᠬᠦ ᠶᠤᠮ ᠦᠦ ᠲᠦᠯᠬᠢᠭᠳᠡᠨ ᠶᠠᠪᠤᠬᠤ ᠶᠤᠮ ᠦᠦ ᠭᠡᠳᠡᠭ ᠤᠨ ᠦᠷ᠎ᠡ ᠪᠦᠲᠦᠮᠵᠢ ᠨᠢ ᠶᠡᠭᠡ ᠠᠳᠠᠯᠢ ᠦᠭᠡᠢ ᠪᠠᠶᠢᠳᠠᠭ᠃    ᠤᠴᠢᠷ ᠪᠣᠯᠭᠠᠨ ᠳᠤ ᠲᠣᠬᠢᠷᠠᠭᠤᠯᠤᠯᠲᠠ ᠶᠢ ᠬᠦᠯᠢᠶᠡᠪᠡᠯ ᠵᠥᠪᠭᠡᠨ ᠪᠤᠰᠤᠳ ᠤᠨ ᠠᠷᠤ ᠠᠴᠠ ᠨᠢ ᠳᠠᠭᠠᠵᠤ          ︽ᠲᠣᠭᠤᠰᠣᠨ ᠳᠤᠨᠢ ᠳᠠᠷᠤᠭᠳᠠᠨ᠎ᠠ︾ ᠤᠬᠠᠮᠰᠠᠷ ᠠᠴᠠ ᠪᠠᠨ ᠤᠷᠤᠭᠰᠢᠯᠠᠪᠠᠯ ᠰᠠᠶ᠋ᠢ ᠰᠢᠨ᠎ᠡ ᠠᠵᠠ ᠲᠣᠭᠢᠶᠠᠯ ᠢ ᠠᠮᠵᠢᠵᠤ᠂ ᠰᠢᠨ᠎ᠡ ᠬᠥᠭᠵᠢᠯᠲᠡ ᠶᠢ ᠠᠬᠢᠭᠤᠯᠵᠤ ᠴᠢᠳᠠᠨ᠎ᠠ᠃ ︽ᠨᠢᠭᠡ ᠭᠤᠣᠯ ᠰᠢᠵᠢᠮ︾ ᠢ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠦᠷᠨᠢᠭᠦᠯᠬᠦ ᠳᠤ ᠬᠦᠴᠦᠯᠡᠨ ᠴᠢᠷᠮᠠᠶᠢᠪᠠᠯ ᠰᠠᠶ᠋ᠢ ︽ᠲᠤᠭᠤᠷ︾ ᠢ ᠲᠡᠭᠦᠵᠦ ᠴᠢᠳᠠᠨ᠎ᠠ᠃ ᠡᠷᠬᠡᠪᠰᠢ ᠰᠡᠳᠬᠢᠬᠦᠢ ᠶᠢᠨ ᠬᠡᠪᠰᠢᠮᠡᠯ ᠪᠠᠶᠢᠳᠠᠯ ᠳᠤ ᠰᠢᠪᠲᠤᠯᠤᠯᠲᠠ ᠭᠠᠷᠭᠠᠵᠤ᠂ ᠠᠷᠭ᠎ᠠ ᠭᠡᠯᠪᠡᠷᠢ ᠪᠠᠨ ᠰᠢᠨᠡᠴᠢᠯᠡᠵᠦ᠂ ᠥᠭᠡᠷᠡᠴᠢᠯᠡᠯᠲᠡ ᠶᠢᠨ ᠬᠦᠴᠦᠨ ᠢ ᠭᠦᠢᠴᠡᠳ ᠬᠡᠷᠡᠭᠯᠡᠵᠦ᠂ ᠬᠢᠬᠦ ᠶᠣᠰᠣᠲᠠᠢ ᠶᠠᠪᠤᠳᠠᠯ ᠢ ᠬᠦᠯᠢᠶᠡᠬᠦ ᠦᠭᠡᠢ᠂ ᠲᠦᠰᠢᠭᠯᠡᠬᠦ ᠦᠭᠡᠢ ᠪᠠᠷ ᠬᠢᠬᠦ ᠬᠡᠷᠡᠭᠲᠡᠢ᠃    ᠣᠷᠣᠰᠢᠵᠤ ᠪᠠᠶᠢᠭ᠎ᠠ ᠠᠰᠠᠭᠤᠳᠠᠯ ᠪᠣᠯ ᠳᠠᠷᠤᠢ ᠥᠭᠡᠷᠡᠴᠢᠯᠡᠯᠲᠡ ᠶᠢᠨ ᠴᠢᠭᠯᠡᠬᠦ ᠬᠠᠨᠳᠤᠰᠢ ᠪᠣᠯᠣᠨ᠎ᠠ᠃ ᠠᠯᠢᠪᠠ ᠶᠠᠪᠤᠳᠠᠯ ᠳᠤ ᠴᠥᠮ ᠠᠰᠠᠭᠤᠳᠠᠯ ᠢ ᠠᠩᠬᠠᠷᠴᠤ ᠡᠷᠲᠡ ᠠᠴᠠ ᠬᠦᠴᠦᠯᠡᠵᠦ᠂ ᠲᠦᠷᠭᠡᠨ ᠬᠦᠴᠦᠯᠡᠬᠦ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ᠂ ᠲᠥᠯᠥᠪᠵᠢᠭᠦᠯᠬᠦ᠂ ᠨᠥᠭᠡᠴᠡᠯᠡᠬᠦ᠂ ᠮᠡᠳᠡᠭᠦᠯᠦᠨ ᠵᠥᠪᠰᠢᠶᠡᠷᠡᠭᠦᠯᠬᠦ ᠠᠴᠠ ᠡᠯᠧᠮᠧᠨ᠋ᠲ ᠤᠨ ᠪᠠᠲᠤᠯᠠᠭ᠎ᠠ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠭᠦᠷᠳᠡᠯ᠎ᠡ ᠪᠦᠷ ᠥᠨᠳᠥᠷ ᠪᠦᠲᠦᠮᠵᠢᠲᠡᠢ ᠰᠢᠭᠤᠳ ᠰᠢᠯᠤᠭᠤᠨ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ᠂ ᠣᠷᠣᠬᠤ ᠶᠢ ᠵᠥᠪᠰᠢᠶᠡᠷᠡᠬᠦ ᠶᠢ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ ᠵᠢᠭᠡᠯᠡᠯᠭᠡ ᠲᠠᠯᠪᠢᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠠᠴᠠ ᠰᠢᠨ᠎ᠡ ᠶᠢ ᠡᠭᠦᠳᠬᠦ ᠡᠬᠢ ᠪᠠᠶᠠᠯᠢᠭ ᠢ ᠲᠣᠬᠢᠷᠠᠭᠤᠯᠬᠤ᠂ ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠢ ᠰᠢᠢᠳᠪᠦᠷᠢᠯᠡᠬᠦ ᠭᠦᠷᠲᠡᠯ᠎ᠡ ᠠᠯᠢ ᠭᠤᠭᠴᠤᠭ᠎ᠠ ᠳᠤ ᠴᠤ ︽ᠵᠠᠩᠭᠢᠷᠠᠭ᠎ᠠ︾ ᠪᠠᠶᠢᠯᠭᠠᠵᠤ ᠪᠤᠯᠬᠤ ᠦᠭᠡᠢ᠃ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ᠂ ᠠᠵᠤ ᠠᠬᠤᠶᠢᠯᠠᠯ ᠢ ᠢᠯᠡᠭᠦᠬᠡᠨ ᠡᠷᠭᠢᠯᠡᠭᠦ ᠠᠴᠠ ᠠᠵᠤ ᠠᠬᠤᠶᠢᠯᠠᠯ ᠤᠨ ᠣᠶᠢᠷ᠎ᠠ ᠬᠠᠪᠢ ᠠᠴᠠ ᠪᠠᠨ ᠲᠤᠬᠠᠢ ᠶᠢᠨ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠳᠡᠮᠵᠢᠬᠦ᠂ ᠠᠵᠢᠯ ᠣᠯᠭᠤᠬᠤ ᠶᠢ ᠵᠣᠬᠢᠶᠠᠨ ᠪᠠᠶᠢᠭᠤᠯᠬᠤ ᠦᠢᠯᠡᠴᠢᠯᠡᠭᠡ ᠶᠢ ᠰᠠᠶᠢᠲᠤᠷ ᠬᠢᠬᠦ ᠭᠦᠷᠳᠡᠯ᠎ᠡ ᠵᠦᠢᠯ ᠪᠣᠯᠭᠠᠨ ᠳᠤ ᠴᠥᠮ ᠴᠠᠭ ᠪᠠ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠬᠡᠷᠡᠭᠲᠡᠢ᠃ ᠪᠦᠭᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠲᠠᠷᠢᠶᠠᠯᠠᠩ ᠤᠨ ᠠᠷᠪᠢᠲᠠᠢ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠠᠴᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠭᠦᠷᠲᠡᠯ᠎ᠡ᠂ ᠬᠠᠮᠤᠭ ᠤᠨ ᠲᠤᠰᠠᠲᠠᠢ ᠨᠢ ᠳᠠᠷᠤᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠠᠪᠤᠳᠠᠯ ᠪᠣᠯᠣᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ᠂ ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠥᠷᠭᠡᠳᠬᠡᠬᠦ ᠠᠴᠠ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠵᠡᠭᠦᠨ ᠳᠤᠮᠳᠠ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠭᠦᠷᠳᠡᠯ᠎ᠡ ᠦᠵᠡᠯ ᠰᠠᠨᠠᠭ᠎ᠠ ᠣᠶᠢᠯᠠᠭᠠᠭᠳᠠᠬᠤᠨ ᠠᠴᠠ ᠦᠢᠯᠡ ᠠᠵᠢᠯᠯᠠᠭ᠎ᠠ ᠶᠢᠨ ᠲᠠᠯ᠎ᠠ ᠪᠠᠷ ᠬᠤᠪᠢᠷᠠᠯᠲᠠ ᠶᠢ ᠣᠨᠣᠪᠴᠢᠲᠠᠶ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠨ᠂ ᠬᠤᠪᠢᠷᠠᠯᠳᠠ ᠶᠢ ᠰᠠᠨᠠᠭᠠᠴᠢᠯᠠᠭ᠎ᠠ ᠠᠴᠠ ᠪᠠᠨ ᠬᠥᠭᠡᠭᠡᠴᠡᠯᠳᠦᠬᠦ ᠶᠢ ᠨᠠᠩ ᠱᠠᠭᠠᠷᠳᠠᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠨ ᠦᠵᠡᠭᠦᠯᠭᠦ ᠠᠴᠠ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠭᠦᠷᠲᠡᠯ᠎ᠡ᠂ ᠡᠷᠬᠡᠪᠰᠢ ᠪᠠᠶᠢᠭᠤᠯᠤᠯ ᠲᠣᠭᠲᠠᠴᠠ ᠶᠢ ︽ᠠᠮᠢᠳᠤᠯᠢᠭᠵᠢᠭᠤᠯᠬᠤ︾ ᠪᠠᠷ ᠨᠡᠶᠢᠭᠡᠮ ᠤᠨ ᠦᠷ᠎ᠡ ᠠᠰᠢᠭ ᠠᠵᠤ ᠠᠬᠤᠢ ᠶᠢᠨ ᠦᠷ᠎ᠡ ᠠᠰᠢᠭ ᠤᠨ ︽ᠬᠤᠣᠰ ᠡᠯᠪᠡᠭ ᠬᠤᠷᠢᠶᠠᠯᠲᠠ︾ ᠶᠢ ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠦᠭᠵᠢᠷᠡᠯ ᠢ ᠠᠷᠢᠯᠭᠠᠵᠤ᠂ ᠬᠠᠯᠬᠠᠪᠴᠢ ᠶᠢ ᠲᠠᠰᠤᠷᠠᠯᠲᠠ ᠦᠭᠡᠢ ᠰᠢᠪᠲᠤᠯᠪᠠᠯ᠂ ᠤᠷᠤᠭᠰᠢᠯᠠᠬᠤ ᠶᠢ ᠬᠠᠰᠢᠵᠤ ᠪᠠᠶᠢᠭᠰᠠᠨ ︽ᠬᠡᠷᠡᠰᠬᠡ︾ ᠨᠢ ᠠᠮᠵᠢᠯᠲᠠ ᠲᠡᠶᠢᠰᠢ ᠨᠡᠪᠲᠡᠷᠡᠬᠦ ᠡᠭᠦᠳᠡ ᠪᠣᠯᠵᠤ ᠴᠢᠳᠠᠨ᠎ᠠ᠃    ︽ᠬᠦᠰᠡᠯ ᠢᠶᠠᠨ ᠪᠡᠶᠡᠯᠡᠭᠦᠯᠬᠦ ᠳᠤ ᠬᠦᠴᠢᠷ ᠠᠪᠠᠴᠤ ᠴᠥᠬᠦᠷᠡᠰᠢ ᠦᠭᠡᠢ ᠪᠠᠷᠢᠮᠲᠠᠯᠠᠪᠠᠰᠤ ᠲᠡᠷᠭᠡᠯᠰᠢᠬᠦ ᠶᠤᠮ︾᠃ ᠬᠦᠨᠳᠦ ᠡᠭᠦᠷᠭᠡ ᠮᠥᠷᠥᠨ ᠳᠤ ᠲᠠᠯᠪᠢᠭᠳᠠᠵᠤ ᠪᠠᠶᠢᠪᠠᠴᠤ ᠬᠠᠷᠠᠯᠲᠠ ᠵᠣᠷᠢᠯᠲᠠ ᠲᠣᠳᠣᠷᠬᠠᠢ ᠲᠤᠯᠠ ᠪᠢᠳᠡ ᠦᠨᠡᠨ ᠬᠦ ᠥᠭᠡᠷᠡᠴᠢᠯᠡᠯᠲᠡ ᠶᠢᠨ ᠠᠬᠢᠭᠤᠯᠤᠭᠴᠢ ᠪᠠ ᠪᠣᠳᠠᠲᠠᠢ ᠠᠵᠢᠯᠯᠠᠭᠴᠢ ᠪᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号