12 ᠰᠠᠷ᠎ᠠ ᠶᠢᠨ 12 ᠤᠨ ᠡᠳᠦᠷ᠂ ᠡᠵᠢᠨᠠᠭᠤᠷ ᠪᠠᠯᠭᠠᠰᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠵᠤ᠂ ᠡᠵᠢᠨᠠᠭᠤᠷ ᠪᠠᠯᠭᠠᠰᠤᠨ ᠤ 《ᠬᠤᠶᠠᠷ ᠢ ᠬᠦᠮᠦᠵᠢᠭᠦᠯᠬᠦ 》ᠠᠵᠢᠯ ᠤᠨ ᠦᠷ᠎ᠡ ᠪᠦᠲᠦᠮᠵᠢ ᠶᠢᠨ | ᠲᠤᠬᠠᠶ ᠨᠠᠷᠢᠨ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ | 2022 ᠣᠨ ᠠᠴᠠ ᠨᠠᠰᠢ᠂ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠪᠥᠬᠦ ᠠᠶᠢᠮᠠᠭ ᠤᠨ ︿︿ᠬᠤᠶᠠᠷ | ᠢ ᠬᠦᠮᠦᠵᠢᠭᠦᠯᠬᠦ﹀﹀ ᠠᠵᠢᠯ ᠢᠶᠠᠷ ᠭᠠᠷᠳᠠᠴᠠ ᠪᠣᠯᠭᠠᠵᠤ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠪᠠᠶᠢᠭᠤᠯᠵᠤ᠂ | ︿︿ᠰᠢᠨ᠎ᠡ ᠪᠠᠷ ᠮᠠᠨᠳᠤᠭᠰᠠᠨ﹀﹀ ᠴᠢᠳᠠᠪᠤᠷᠢᠲᠠᠨ ᠢ ᠬᠦᠮᠦᠵᠢᠭᠦᠯᠬᠦ ᠠᠵᠢᠯ ᠢ ᠲᠤᠷᠰᠢᠨ ᠬᠡᠷᠡᠭᠵᠢᠭᠦᠯᠵᠦ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ | ᠨᠢᠭᠡ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠡᠪᠴᠢᠭᠦᠯᠬᠦ ᠭᠤᠭᠴᠤᠭ᠎ᠠ ᠶᠢ ᠴᠢᠩᠭ᠎ᠠ ᠠᠳᠬᠤᠪᠠ᠃ | ︿︿ᠭᠤᠷᠪᠠᠨ ᠠᠯᠬᠤᠮ ᠢᠶᠠᠷ ᠰᠢᠯᠢᠳᠡᠭ ᠢ ᠨᠢ ᠰᠣᠩᠭᠤᠬᠤ﹀﹀ ᠬᠦᠮᠦᠵᠢᠭᠦᠯᠬᠦ ᠲᠣᠭᠲᠠᠴᠠ ᠶᠢ ᠬᠡᠷᠡᠭᠯᠡᠨ᠂ ᠬᠤᠰᠢᠭᠤ | ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠲᠠᠢ ᠬᠤᠯᠪᠣᠭᠠᠯᠠᠨ | ᠬᠠᠮᠲᠤ ᠪᠠᠷ ᠪᠠᠶᠢᠭᠤᠯᠬᠤ ᠵᠠᠭᠪᠤᠷ ᠢ ᠪᠦᠷᠢᠯᠳᠦᠭᠦᠯᠵᠦ᠂ ︿︿ᠵᠠᠬᠢᠶᠠᠯᠠᠭ᠎ᠠ ᠶᠢᠨ ᠮᠠᠶ᠋ᠢᠭ﹀﹀ ᠤᠨ ᠪᠣᠯᠪᠠᠰᠤᠷᠠᠯ ᠢ | ᠬᠡᠷᠡᠭᠯᠡᠨ᠂ ᠮᠠᠯ ᠠᠵᠤ ᠠᠬᠤᠶ ᠶᠢᠨ ᠦᠶᠯᠡᠳᠪᠦᠷᠢᠯᠡᠯ ᠢ ᠵᠢᠯᠣᠭᠤᠳᠴᠤ᠂ ᠨᠡᠪᠴᠢᠭᠦᠯᠬᠦ ᠲᠥᠪ ᠤᠨ ᠪᠦᠷᠢᠯᠳᠦᠬᠦᠨ ᠢ | ᠬᠥᠮᠦᠵᠢᠭᠦᠯᠬᠦ ᠡᠷᠴᠢᠮ ᠢ ᠴᠢᠩᠭᠠᠷᠠᠭᠤᠯᠪᠠ᠃ ᠬᠤᠶᠠᠷ᠂ ᠠᠳᠠᠯᠢ ᠪᠤᠰᠤ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠢ ᠣᠨᠣᠪᠴᠢᠲᠠᠢ ᠬᠦᠮᠦᠵᠢᠭᠦᠯᠪᠡ᠃ ︿︿ᠨᠠᠮ ᠤᠨ ᠭᠡᠰᠢᠭᠦᠨ ᠭᠤᠣᠯᠯᠠᠬᠤ ᠡᠷᠦᠬᠡ᠂ | ᠨᠤᠲᠤᠭ ᠤᠨ ᠴᠢᠳᠠᠪᠤᠷᠢᠲᠠᠨ᠂ ᠨᠠᠮ ᠤᠨ ᠭᠡᠰᠢᠭᠦᠨ᠂ ᠪᠡᠯᠡᠳᠬᠡᠯ ᠬᠦᠴᠦᠨ﹀﹀ ᠢ ᠣᠯᠠᠨ ᠡᠰᠢᠵᠢᠭᠦᠯᠦᠨ ᠵᠡᠷᠭᠡᠪᠡᠷ | ᠬᠥᠮᠦᠵᠢᠭᠦᠯᠵᠦ᠂ ᠨᠠᠮ ᠤᠨ ᠭᠡᠰᠢᠭᠦᠨ ᠭᠤᠣᠯᠯᠠᠬᠤ ᠡᠷᠦᠬᠡ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠳᠠᠭᠠᠭᠤᠯᠤᠨ ᠡᠷᠬᠢᠯᠡᠬᠦ ᠶᠢ ᠵᠢᠯᠣᠭᠤᠳᠤᠨ ᠳᠠᠮᠵᠢᠵᠤ᠂ ︿︿ᠮᠣᠩᠭᠤᠯ ᠭᠡᠷ﹀﹀ | ᠲᠠᠬᠢ ᠬᠢᠴᠢᠶᠡᠯ ᠤᠨ ᠲᠠᠩᠬᠢᠮ ᠢ ᠵᠣᠬᠢᠶᠠᠨ ᠪᠠᠶᠢᠭᠤᠯᠤᠨ ᠡᠷᠬᠢᠯᠡᠵᠦ᠂ ᠲᠤᠰᠬᠠᠢ ᠮᠡᠷᠭᠡᠵᠢᠯᠲᠡᠨ ᠡᠷᠳᠡᠮᠲᠡᠨ ᠢ | ᠤᠷᠢᠵᠤ ᠲᠤᠰᠬᠠᠢ ᠮᠡᠷᠭᠡᠵᠢᠯ ᠤᠨ ᠮᠡᠳᠡᠯᠭᠡ ᠪᠠ ᠦᠢᠯᠡᠳᠦᠯᠭᠡ ᠶᠢᠨ ᠮᠡᠷᠭᠡᠵᠢᠯ ᠴᠢᠳᠠᠪᠤᠷᠢ ᠶᠢ ᠤᠯᠠᠮᠵᠢᠯᠠᠨ᠂ ᠮᠠᠯ | ᠠᠵᠤ ᠠᠬᠤᠢ ᠶᠢᠨ ᠬᠦᠷᠢᠶᠡᠨ ᠳᠠᠬᠢ ᠨᠤᠲᠤᠭ ᠤᠨ ᠴᠢᠳᠠᠪᠤᠷᠢᠲᠠᠨ ᠢ ᠬᠦᠮᠦᠵᠢᠭᠦᠯᠪᠡ᠃ ᠮᠠᠯᠴᠢᠳ ᠤᠨ ᠰᠤᠷᠠᠭ | ᠵᠠᠩᠭᠢ ᠶᠢᠨ ᠬᠥᠮᠥᠷᠭᠡ ᠶᠢ ᠪᠠᠶᠢᠭᠤᠯᠵᠤ᠂ ᠨᠠᠮ ᠳᠤ ᠣᠷᠣᠬᠤ ᠨᠥᠬᠦᠴᠡᠯ ᠳᠤ ᠨᠡᠶᠢᠴᠡᠭᠰᠡᠨ ᠮᠠᠯᠴᠢᠳ ᠢ ᠰᠢᠯᠢᠨ | ᠰᠣᠩᠭᠤᠵᠤ᠂ ᠦᠨᠳᠦᠰᠦᠨ ᠱᠠᠲᠤᠨ ᠤ ᠵᠠᠰᠠᠨ ᠴᠡᠭᠴᠡᠯᠡᠯᠲᠡ ᠶᠢᠨ ᠠᠵᠢᠯ ᠳᠤ ᠣᠷᠤᠯᠴᠠᠭᠤᠯᠪᠠ᠃ ᠭᠤᠷᠪᠠ᠂ | ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠪᠡ᠃ ᠡᠵᠢᠨᠠᠭᠤᠷ ᠪᠠᠯᠭᠠᠰᠤᠨ ᠤ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠬᠦᠮᠦᠵᠢᠭᠦᠯᠬᠦ ᠲᠥᠪ | ᠣᠳᠣᠬᠠᠨ ᠳᠤ 28 ᠨᠠᠮ ᠤᠨ ᠭᠡᠰᠢᠭᠦᠨ ᠭᠤᠣᠯᠯᠠᠬᠤ ᠡᠷᠦᠬᠡ᠂ 30 ᠨᠤᠲᠤᠭ ᠤᠨ ᠴᠢᠳᠠᠪᠤᠷᠢᠲᠠᠨ᠂ 84 ᠮᠠᠯᠴᠢᠨ | ᠨᠠᠮ ᠤᠨ ᠭᠡᠰᠢᠭᠦᠨ᠂ 20 ᠪᠡᠯᠡᠳᠬᠡᠯ ᠺᠠᠳ᠋ᠷ ᠢ ᠬᠦᠮᠦᠵᠢᠭᠦᠯᠵᠦ᠂ ︿︿ᠨᠠᠮ ᠤᠨ ᠭᠡᠰᠢᠭᠦᠨ ᠭᠤᠣᠯᠯᠠᠬᠤ ᠡᠷᠦᠬᠡ | ᠦᠶᠯᠡᠴᠢᠯᠡᠭᠡᠨ ᠤ ᠠᠩᠭᠢ ᠮᠠᠯᠵᠢᠬᠤ ᠡᠷᠦᠬᠡ﹀﹀ ᠶᠢᠨ ᠬᠤᠭᠤᠷᠣᠨᠳᠣᠬᠢ ︿︿ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ᠂ ᠬᠦᠴᠦᠨ ᠢ ᠬᠠᠮᠲᠤ ᠪᠠᠷ ᠪᠠᠶᠢᠭᠤᠯᠬᠤ﹀﹀ ᠵᠠᠭᠪᠤᠷ ᠢ ᠪᠡᠶᠡᠯᠡᠭᠦᠯᠵᠦ᠂ | ᠡᠵᠢᠨᠠᠭᠤᠷ ᠪᠠᠯᠭᠠᠰᠤᠨ ᠤ ︿︿ᠨᠡᠶᠢᠯᠡᠭᠦᠯᠦᠨ ᠬᠤᠳᠠᠯᠳᠤᠨ ᠠᠪᠬᠤ﹀﹀ ᠦᠶᠯᠡᠴᠢᠯᠡᠭᠡᠨ ᠤ ᠲᠠᠪᠴᠠᠩ ᠢᠶᠠᠷ | ᠠᠴᠢᠶᠠᠯᠠᠪᠤᠷᠢ ᠪᠣᠯᠭᠠᠵᠤ᠂ ᠮᠠᠯᠴᠢᠨ ᠲᠦᠮᠡᠨ ᠳᠤ ᠮᠠᠯ ᠬᠤᠳᠠᠯᠳᠤᠬᠤ᠂ ᠡᠪᠡᠰᠦ ᠪᠣᠷᠳᠤᠭ᠎ᠠ ᠲᠡᠭᠡᠭᠡᠪᠦᠷᠢᠯᠡᠬᠦ ᠵᠡᠷᠭᠡ | ᠡᠯ᠎ᠡ ᠵᠦᠶᠯ ᠤᠨ ᠦᠶᠯᠡᠴᠢᠯᠡᠭᠡ ᠬᠠᠩᠭᠠᠪᠠ᠃ |