12 ᠰᠠᠷ᠎ᠠ ᠶᠢᠨ12 ᠤᠨ ᠡᠳᠦᠷ᠂ ᠬᠠᠲᠠᠪᠴᠢ ᠪᠠᠯᠭᠠᠰᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠵᠤ᠂ ᠬᠠᠲᠠᠪᠴᠢ ᠪᠠᠯᠭᠠᠰᠤᠨ ᠤ 2024 ᠣᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ | ᠤᠨ ᠲᠤᠬᠠᠶ ᠨᠠᠷᠢᠨ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠵᠠᠰᠠᠯᠲᠠ | ᠶᠢᠨ ᠰᠠᠭᠤᠷᠢ ᠶᠢ ᠪᠠᠬᠢᠵᠢᠭᠦᠯᠬᠦ ᠲᠠᠯ᠎ᠠ ᠪᠠᠷ᠂ ︿︿ᠪᠠᠷᠢᠮᠵᠢᠶ᠎ᠠ ᠶᠣᠰᠣᠭᠠᠷ ᠲᠡᠷᠢᠭᠦᠨ ᠤ ᠬᠢ ᠶᠢ ᠡᠭᠦᠳᠬᠦ﹀﹀ ᠪᠠᠷ | ᠭᠠᠷᠳᠠᠴᠠ ᠪᠣᠯᠭᠠᠵᠤ᠂ ︿︿ᠮᠠᠯᠵᠢᠬᠤ ᠣᠷᠣᠨ ᠢ ᠠᠳᠬᠤᠵᠤ ᠮᠠᠯᠵᠢᠬᠤ ᠡᠷᠦᠬᠡ ᠶᠢ ᠳᠠᠶᠢᠴᠢᠯᠠᠬᠤ﹀﹀ ᠪᠦᠬᠦᠯᠢ | ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︿︿ᠪᠠᠯᠭᠠᠰᠤᠨ ᠤ ᠨᠠᠮ ᠤᠨ ᠬᠤᠷᠢᠶ᠎ᠠ᠂ ᠭᠠᠴᠠᠭᠠᠨ | ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠨᠠᠮ ᠤᠨ ᠳᠤᠭᠤᠶᠢᠯᠠᠩ﹀﹀ | ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠨᠠᠮ | ᠤᠨ ᠭᠡᠰᠢᠭᠦᠨ ᠭᠤᠣᠯᠯᠠᠬᠤ ᠡᠷᠦᠬᠡ ᠶᠢ ᠵᠢᠯᠣᠭᠤᠳᠤᠨ ᠬᠤᠪᠢᠰᠬᠠᠯᠲᠤ ᠵᠢᠭᠤᠯᠴᠢᠯᠠᠯ ᠤᠨ ᠬᠤᠷᠰᠢᠶ᠎ᠠ ᠶᠢ ᠳᠠᠭᠠᠭᠤᠯᠤᠨ | ᠡᠷᠭᠢᠯᠡᠵᠦ᠂《 ᠤᠯᠤᠰ ᠤᠨ ᠡᠭᠦᠳᠡ ᠶᠢᠨ ᠨᠠᠮ ᠤᠨ ᠪᠠᠶᠢᠭᠤᠯᠤᠯᠲᠠ 》 ᠶᠢᠨ ᠨᠠᠷᠠᠲᠤ ᠲᠡᠮᠳᠡᠭ ᠢ ᠡᠭᠦᠳᠬᠦ ᠡᠷᠴᠢᠮ | ᠢᠶᠠᠨ ᠴᠢᠩᠭᠠᠷᠠᠭᠤᠯᠵᠤ᠂ 2024 ᠣᠨ ᠳᠤ ᠪᠥᠬᠦ ᠤᠯᠤᠰ ᠤᠨ ᠠᠩᠬᠠᠳᠠᠭᠴᠢ ᠪᠦᠯᠦᠭ ︿︿ᠠᠮᠤᠷ ᠠᠮᠤᠭᠤᠯᠠᠩ | ᠬᠢᠯᠢ ᠬᠢᠵᠠᠭᠠᠷ ᠤᠨ ᠵᠢᠱᠢᠶᠡᠴᠢ ᠰᠢᠶᠠᠩ ᠪᠠᠯᠭᠠᠰᠤ﹀﹀ ᠶᠢᠨ ᠢᠷᠠᠭᠤ ᠠᠯᠳᠠᠷ ᠢ ᠭᠥᠷᠳᠡᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ︿︿ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ﹀﹀ ᠣᠯᠠᠨ ᠲᠦᠮᠡᠨᠴᠢ | ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠮᠦᠵᠢᠭᠦᠯᠦᠨ | ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠳᠣᠲᠣᠭᠠᠳᠤ ᠬᠥᠭᠵᠢᠯᠲᠡ ᠶᠢᠨ | ᠬᠥᠳᠡᠯᠭᠡᠬᠦ ᠬᠦᠴᠦᠨ ᠢ ᠬᠥᠭᠵᠢᠭᠡᠬᠦ ᠲᠠᠯ᠎ᠠ ᠪᠠᠷ᠂ ︿︿3 + 2﹀﹀ ᠢᠶᠠᠷ ᠭᠤᠤᠯ ᠪᠣᠯᠭᠠᠭᠰᠠᠨ ᠮᠠᠯ ᠠᠵᠤ ᠠᠬᠤᠶ | ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠠᠭᠪᠤᠷ ᠢ ᠡᠭᠦᠳᠪᠡ᠃ ︿︿ᠨᠢᠭᠡ ᠭᠠᠴᠠᠭᠠᠨ ᠳᠤ ᠨᠢᠭᠡ | ᠪᠣᠳᠣᠯᠭ᠎ᠠ﹀﹀᠂ ︿︿ᠨᠢᠭᠡ ᠭᠠᠴᠠᠭᠠᠨ ᠳᠤ ᠨᠢᠭᠡ ᠲᠠᠸᠠᠷ ᠲᠠᠢ ᠪᠣᠯᠭᠠᠬᠤ﹀﹀ ᠵᠠᠷᠴᠢᠮ ᠶᠣᠰᠣᠭᠠᠷ᠂ 5 ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 3 ᠵᠢᠯ ᠳᠠᠷᠠᠭᠠᠯᠠᠨ 20 ᠲᠦᠮᠡᠨ ᠲᠥᠭᠦᠷᠢᠭ ᠲᠤ ᠬᠦᠷᠭᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠠᠷᠠᠳ ᠤᠨ ᠠᠮᠢᠳᠤᠷᠠᠯ ᠢ ᠪᠠᠲᠤᠯᠠᠪᠠ᠃ ᠶᠠᠳᠠᠭᠤ | ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠬᠤᠷᠠᠭ᠎ᠠ ᠶᠢ ᠨᠢ ᠬᠤᠳᠠᠯᠳᠤᠵᠤ ᠥᠭᠭᠦᠨ᠂ ᠪᠠᠯᠭᠠᠰᠤᠨ ᠤ ᠶᠠᠳᠠᠭᠤ | ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ | ᠳᠤ ᠣᠷᠣᠭᠤᠯᠬᠤ ᠪᠠᠷ ᠳᠠᠮᠵᠢᠨ᠂ ᠭᠤᠤᠯᠳᠠᠯᠭ᠎ᠠ ᠲᠠᠢ ᠬᠢᠨᠠᠨ ᠰᠢᠯᠭᠠᠬᠤ ᠡᠷᠦᠬᠡ ᠶᠢ ᠮᠥᠷᠳᠡᠨ ᠬᠠᠪᠰᠤᠷᠤᠨ ᠲᠡᠳᠬᠦᠬᠦ | ᠠᠵᠢᠯ ᠢ ᠥᠷᠨᠢᠭᠦᠯᠪᠡ᠃ |