ᠶᠡᠷᠦᠩᠬᠡᠶ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠤᠨ ᠪᠠᠭᠠᠴᠤᠳ ᠤᠨ ᠬᠤᠰᠢᠭᠤᠴᠢ ᠠᠩᠭᠢ | ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭᠠᠭᠤᠯᠢ ᠶᠢᠨ | ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠴᠢᠨᠠᠭᠰᠢᠳᠠ | ᠴᠢᠩᠭᠠᠳᠬᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ ᠪᠣᠯᠤᠨ | ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠥᠬᠡᠶ ᠴᠢᠩᠭᠠᠳᠬᠠᠬᠤ ᠶᠢᠨ | ᠲᠥᠯᠥᠭᠡ᠂ 12 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ | ᠵᠡᠭᠦᠨ ᠦᠵᠦᠮᠦᠴᠢᠨ ᠬᠤᠰᠢᠭᠤᠨ ᠤ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠠᠰᠠᠷ ᠲᠤ ᠬᠤᠷᠠᠯᠳᠤᠪᠠ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠳᠡᠳ᠋ ᠡᠷᠬᠢᠯᠡᠭᠴᠢ ᠪᠤᠤ ᠸᠠᠨ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠶᠠᠨ ᠴᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠥᠬᠦ ᠬᠤᠰᠢᠭᠤᠨ ᠤ ᠪᠠᠭᠠᠴᠤᠳ | ᠤᠨ ᠬᠤᠰᠢᠭᠤᠴᠢ ᠠᠩᠭᠢ ᠶᠢᠨ ᠭᠡᠰᠢᠭᠦᠳ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠨ᠂ ᠪᠠᠭᠠᠴᠤᠳ | ᠬᠡᠦᠬᠡᠳ ᠤᠨ ᠠᠵᠢᠯᠲᠠᠨ ᠤ ᠲᠥᠯᠥᠭᠡᠯᠡᠭᠴᠢ ᠨᠡᠶᠢᠲᠡ 113 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠪᠠ᠃ | | ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠲᠤᠮᠳᠠ ᠡᠬᠢᠯᠡᠵᠦ᠂ ᠠᠬᠤᠢ | ᠲᠠᠯᠠᠪᠠᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠠᠮᠳᠦ ᠪᠠᠷ ︽ᠲᠤᠮᠳᠠᠳᠦ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠲᠠᠭᠤᠤ︾ ᠶᠢ ᠲᠠᠭᠤᠯᠠᠪᠠ᠃ | ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠤᠨ ᠪᠠᠭᠠᠴᠤᠳ | ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃ ᠬᠤᠷᠠᠯ | ᠠᠴᠠ᠂ ᠨᠢᠭᠡ ᠳᠤ᠂ ᠪᠥᠬᠦ ᠬᠤᠰᠢᠭᠤᠨ ᠤ ᠥᠷᠭᠡᠨ ᠣᠯᠠᠨ ᠪᠠᠭᠠᠴᠤᠳ ᠬᠡᠦᠬᠡᠳ ᠨᠠᠮ ᠢᠶᠠᠨ ᠬᠠᠶᠢᠷᠠᠯᠠᠬᠤ ᠤᠯᠤᠰ | ᠢᠶᠠᠨ ᠬᠠᠶᠢᠷᠠᠯᠠᠬᠤ ᠪᠠᠷ ᠦᠨᠳᠦᠰᠦ ᠪᠣᠯᠭᠠᠵᠤ᠂ ᠬᠤᠪᠢᠰᠬᠠᠯ ᠤᠨ ᠭᠧᠨ ᠤ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ | ᠬᠡᠷᠡᠭᠲᠡᠶ᠃ ᠬᠤᠶᠠᠷ ᠲᠤ᠂ ᠡᠷᠬᠡᠪᠰᠢ ᠰᠢᠷᠭᠠᠭᠤ ᠬᠠᠲᠠᠭᠤᠵᠢᠯᠲᠠᠢ ᠰᠤᠷᠤᠯᠴᠠᠬᠤ ᠪᠠᠷ ᠭᠤᠣᠯ ᠪᠣᠯᠭᠠᠵᠤ᠂ ᠡᠷᠳᠡᠮ | ᠴᠢᠳᠠᠪᠤᠷᠢ ᠰᠠᠶᠢᠲᠠᠢ ᠪᠡᠯᠡᠳᠬᠡᠯ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠰᠢᠨ᠎ᠡ ᠶᠢ | ᠡᠭᠦᠳᠬᠦ ᠡᠭᠦᠳᠦᠨ ᠪᠦᠲᠦᠭᠡᠬᠦ ᠪᠠᠷ ᠤᠷᠢᠲᠠᠯ ᠪᠣᠯᠭᠠᠵᠤ᠂ ᠵᠣᠷᠢᠭᠲᠠᠢ ᠪᠠᠷ ᠡᠭᠦᠳᠦᠨ ᠪᠦᠲᠦᠭᠡᠬᠦ ᠬᠦᠰᠡᠯ ᠵᠡᠭᠦᠳᠦ | ᠪᠠᠨ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠳᠥᠷᠪᠡ ᠳᠤ᠂ ᠡᠷᠡᠭᠦᠯ ᠴᠢᠭᠢᠷᠠᠭ ᠪᠡᠶ᠎ᠡ ᠮᠠᠬᠠᠪᠣᠳ | ᠢᠶᠠᠷ ᠰᠠᠭᠤᠷᠢ ᠪᠣᠯᠭᠠᠵᠤ᠂ ᠪᠥᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠬᠦᠴᠦᠨ ᠪᠣᠯᠬᠤ ᠶᠢ ᠬᠦᠰᠡᠵᠦ ᠪᠠᠶᠢᠨ᠎ᠠ | ᠭᠡᠵᠠᠢ ᠃ | ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠡᠪᠯᠡᠯ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ | ᠰᠣᠨᠣᠰᠴᠤ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠵᠡᠭᠦᠨ ᠦᠵᠦᠮᠦᠴᠢᠨ ᠬᠤᠰᠢᠭᠤᠨ | ᠤ ᠵᠢᠷᠭᠤᠳᠤᠭᠠᠷ ᠬᠤᠭᠤᠴᠠᠭᠠᠨ ᠤ ᠠᠵᠢᠯ ᠤᠨ ᠵᠥᠪᠯᠡᠯ ᠤᠨ ᠭᠡᠰᠢᠭᠦᠳ ᠢ ᠰᠣᠩᠭᠤᠨ ᠭᠠᠷᠭᠠᠪᠠ᠃ |