ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠠᠯᠠᠨ ᠵᠢᠷᠭᠤᠳᠤᠭᠠᠷ ᠤᠳᠠᠭᠠᠨ  ᠤ ᠪᠠᠶᠢᠩᠭᠤ ᠶᠢᠨ ᠬᠤᠷᠢᠶᠠᠨ ᠤ ( ᠥᠷᠭᠡᠳᠬᠡᠭᠰᠡᠨ ) ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠪᠤᠯᠤᠨ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ  ᠢ  ᠬᠦᠭᠵᠢᠭᠦᠯᠬᠦ《 ᠲᠠᠪᠴᠠᠩ ᠤᠨ ᠮᠦᠷᠦᠶᠢᠴᠡᠭᠡᠨ 》ᠶᠠᠪᠤᠭᠳᠠᠪᠠ
ᠨᠡᠶᠢᠲᠡᠯᠡᠭᠰᠡᠨ ᠴᠠᠭ᠄
2025/1/6
      12 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 76 ᠳ᠋ᠤᠭᠠᠷ ᠣᠳᠠᠭᠠᠨ ᠤ ᠪᠠᠶᠢᠩᠭᠤ ᠶᠢᠨ ᠬᠤᠷᠢᠶᠠᠨ ᠤ ( ᠥᠷᠭᠡᠳᠬᠡᠭᠰᠡᠨ ) ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠪᠣᠯᠤᠨ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠦᠭᠵᠢᠭᠦᠯᠬᠦ《ᠲᠠᠪᠴᠠᠩ ᠤᠨ ᠮᠦᠷᠦᠶᠢᠴᠡᠭᠡᠨ 》 ᠢ ᠶᠠᠪᠤᠭᠳᠠᠭᠤᠯᠪᠠ᠃        ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ( ᠲᠠᠯᠠᠪᠠᠶ ) ᠶᠢᠨ ᠨᠠᠮ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠠᠴᠠ 2024 ᠣᠨ ᠤ ᠨᠠᠮ  ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠠᠵᠢᠯ ᠤᠨ ᠲᠤᠰᠢᠶᠠᠯ ᠤᠨ ᠮᠡᠳᠡᠭᠦᠯᠦᠯᠲᠡ ᠬᠢᠭᠰᠡᠨ ᠪᠥᠭᠡᠳ ᠲᠤᠬᠠᠶ ᠶᠢᠨ ᠲᠠᠯᠠᠪᠠᠶ ᠶᠢᠨ ᠰᠢᠯᠭᠠᠨ ᠦᠨᠡᠯᠡᠯᠲᠡ ᠬᠢᠪᠠ᠃ ᠵᠧᠦ ᠢᠦᠢ ᠯᠦᠩ《ᠨᠢᠭᠡ ᠲᠣᠭᠠᠴᠢᠵᠤ ᠨᠢᠭᠡ ᠦᠨᠡᠯᠡᠬᠦ 》ᠬᠡᠯᠪᠡᠷᠢ ᠪᠠᠷ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠢᠯᠠᠰ ᠴᠡᠭ ᠪᠠ ᠬᠦᠷᠦᠯᠴᠡᠬᠦ ᠦᠭᠡᠢ ᠠᠰᠠᠭᠤᠳᠠᠯ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠠᠵᠢᠯ ᠤᠨ ᠬᠦᠰᠡᠯ ᠱᠠᠭᠠᠷᠳᠠᠯᠭ᠎ᠠ ᠳᠤᠷᠠᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠵᠧᠦ ᠸᠧ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠥᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠠᠴᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠨ ᠦᠨᠡᠯᠡᠯᠲᠡ ᠬᠢᠵᠡᠢ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠤᠬᠢᠶᠠᠨ ᠪᠠᠶᠢᠭᠤᠯᠬᠤ ᠨᠢᠭᠡᠳᠦᠭᠡᠷ ᠬᠡᠯᠲᠡᠰ ᠤᠨ ᠳᠦᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠱᠤᠸᠠᠩ ᠵᠢᠶᠠᠨ ᠠᠴᠠ ᠶᠡᠷᠦᠩᠬᠡᠶᠢᠯᠡᠭᠰᠡᠨ ᠦᠨᠡᠯᠡᠯᠲᠡ ᠬᠢᠪᠡ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ  ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠳᠦᠰᠦᠨ ᠱᠠᠲᠤᠨ ᠤ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠳᠣᠨ ᠲᠠᠰᠴᠢᠯᠠᠭᠰᠠᠨ《 ᠢᠯᠡ ᠪᠠᠶᠢᠯᠭᠠᠬᠤ 》ᠠᠵᠢᠯᠯᠠᠭ᠎ᠠ ᠪᠠ ᠪᠠᠲᠤ ᠴᠢᠩᠭ᠎ᠠ ᠪᠠᠬᠢᠯᠡᠯᠲᠡ ᠶᠢᠨ《 ᠵᠢᠱᠢᠶᠡᠴᠢ 》ᠨᠠᠮ ᠤᠨ ᠡᠭᠦᠷ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭ᠎ᠠ ᠪᠣᠳᠠᠲᠠᠶ ᠨᠠᠷᠢᠯᠢᠭ ᠠᠳᠬᠤᠵᠤ᠂ ᠵᠡᠭᠦᠨ ᠦᠵᠦᠮᠦᠴᠢᠨ ᠤ ᠣᠨᠴᠠᠯᠢᠭ ᠲᠠᠢ ᠤᠮᠠᠷᠠᠲᠤ ᠬᠢᠯᠢ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠦᠷᠭᠦᠯᠵᠢᠯᠡᠨ ᠡᠭᠦᠳᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ  ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ  ᠬᠠᠩᠭᠠᠬᠤ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠡᠯ᠎ᠡ ᠱᠦᠵᠢ᠂ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤ ( ᠲᠠᠯᠠᠪᠠᠶ ) ᠶᠢᠨ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ᠂ ᠬᠤᠰᠢᠭᠤᠨ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠣᠯᠤᠨ ᠠᠷᠠᠳ ᠤᠨ ᠪᠦᠯᠬᠦᠮ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠨᠡᠷ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号