12 ᠰᠠᠷ᠎ᠠ ᠶᠢᠨ 16 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠶᠯᠡᠴᠢᠯᠡᠭᠡᠨ | ᠤ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ | ᠳᠡᠳ᠋ ᠬᠤᠰᠢᠭᠤ ᠳᠠᠷᠤᠭ᠎ᠠ ᠰᠡᠴᠡᠨ ᠠᠵᠢᠯᠯᠠᠭᠠᠨ ᠳᠤ ᠤᠷᠤᠯᠴᠠᠨ ᠫᠠᠶᠢᠰᠠ ᠰᠡᠬᠦᠵᠦ᠂ ᠬᠤᠰᠢᠭᠤ ᠲᠠᠷᠢᠶᠠᠯᠠᠩ ᠮᠠᠯ | ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠵᠢᠴᠢ | ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠮᠠᠯᠴᠢᠳ ᠤᠨ ᠲᠥᠯᠥᠭᠡᠯᠡᠭᠴᠢ ᠨᠡᠷ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠮᠠᠯ ᠡᠮᠨᠡᠯᠭᠡ ᠵᠢᠨᠦᠶᠯᠡᠴᠢᠯᠡᠭᠡᠨ ᠤ ᠲᠥᠪ ᠤᠨ ᠡᠯ᠎ᠡ ᠴᠢᠳᠠᠮᠵᠢᠲᠤ ᠲᠠᠰᠤᠭ ᠤᠨ ᠨᠠᠷᠢᠨ | ᠪᠠᠶᠢᠳᠠᠯ ᠢ ᠲᠠᠨᠢᠯᠴᠠᠭᠤᠯᠤᠭᠰᠠᠨ ᠪᠥᠭᠡᠳ ᠪᠣᠳᠠᠲᠠᠶ ᠡᠵᠡᠩᠨᠡᠯᠲᠡ ᠶᠢᠨ ᠵᠠᠭᠪᠤᠷ ᠢ ᠲᠣᠭᠤᠷᠢᠨ ᠦᠵᠡᠪᠡ᠃ | ᠲᠣᠰ ᠦᠶᠯᠡᠴᠢᠯᠡᠭᠡᠨ ᠤ ᠲᠥᠪ ᠨᠢ ᠤᠯᠢᠶᠠᠰᠤᠲᠠᠢ ᠪᠠᠯᠭᠠᠰᠤᠨ ᠤ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠪᠠᠶᠢᠷᠢᠯᠠᠵᠤ᠂ ᠮᠠᠨ ᠤ ᠬᠤᠰᠢᠭᠤᠨ ᠤ ᠠᠩᠬᠠᠳᠠᠭᠴᠢ ᠵᠠᠰᠠᠭ ᠤᠨ ᠣᠷᠳᠣᠨ ᠠᠴᠠ ᠪᠠᠯᠠ | ᠣᠷᠣᠭᠤᠯᠤᠨ ᠪᠠᠶᠢᠭᠤᠯᠤᠭᠰᠠᠨ ᠮᠠᠯ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠪᠣᠯᠤᠨ᠎ᠠ᠂ ᠶᠡᠷᠦᠩᠬᠡᠶ ᠪᠠᠯᠠ | ᠣᠷᠣᠭᠤᠯᠤᠯᠲᠠ ᠨᠢ 368 ᠲᠦᠮᠡᠨ ᠲᠥᠭᠦᠷᠢᠭ᠂ ᠪᠠᠷᠢᠯᠭ᠎ᠠ ᠶᠢᠨ ᠲᠠᠯᠠᠪᠠᠶ ᠨᠢ ᠨᠡᠶᠢᠲᠡ 3899 ᠲᠡᠭᠰᠢ | ᠳᠥᠷᠪᠡᠯᠵᠢᠨ ᠮᠧᠲᠷ᠂ ᠨᠡᠶᠢᠲᠡ 18 ᠪᠣᠳᠠ ᠪᠣᠭ ᠮᠠᠯ ᠤᠨ ᠬᠠᠰᠢᠶ᠎ᠠ ᠰᠠᠷᠠᠪᠴᠢ ᠲᠠᠢ᠂ 30 ᠲᠣᠯᠣᠭᠠᠶ ᠮᠠᠯ ᠢ | ᠪᠠᠭᠲᠠᠭᠠᠵᠤ ᠳᠡᠶᠢᠯᠳᠡᠭ᠃ ᠦᠶᠯᠡᠴᠢᠯᠡᠭᠡᠨ ᠤ ᠲᠥᠪ ᠲᠤ ᠰᠢᠨᠵᠢᠯᠡᠨ ᠰᠢᠯᠭᠠᠬᠤ ᠲᠠᠰᠤᠭ᠂ ᠮᠡᠰᠡ ᠵᠠᠰᠠᠯ ᠤᠨ | ᠲᠠᠰᠤᠭ᠂ ᠮᠠᠯ ᠤᠨ ᠡᠮᠴᠢ ᠶᠢᠨ ᠲᠠᠰᠤᠭ᠂ ᠡᠮ ᠤᠨ ᠲᠠᠰᠤᠭ᠂ ᠡᠷᠡᠭᠦᠯᠵᠢᠭᠦᠯᠬᠦ ᠲᠥᠪ᠂ ᠠᠯᠤᠰ ᠡᠵᠡᠮᠰᠢᠯᠲᠦ | ᠬᠠᠮᠲᠤᠷᠠᠨ ᠣᠨᠣᠰᠢᠯᠠᠬᠤ ᠵᠡᠷᠭᠡ ᠴᠢᠳᠠᠮᠵᠢᠳᠤ ᠲᠠᠰᠤᠭ ᠪᠠᠶᠢᠭᠤᠯᠵᠤ᠂ PCR ᠪᠠᠶᠢᠴᠠᠭᠠᠨ ᠬᠡᠮᠵᠢᠬᠦ ᠪᠠᠭᠠᠵᠢ᠂ X | ᠰᠠᠴᠤᠷᠠᠭ ᠤᠨ ᠮᠠᠰᠢᠨ᠂ B ᠬᠡᠲᠦ ᠳᠣᠯᠭᠢᠶᠠᠨ ᠤ ᠮᠠᠰᠢᠨ ᠵᠡᠷᠭᠡ 40 ᠭᠠᠷᠤᠶ ᠵᠦᠶᠯ ᠤᠨ ᠲᠡᠷᠢᠭᠦᠨ ᠤ ᠮᠠᠰᠢᠨ | ᠲᠥᠬᠦᠭᠡᠷᠦᠮᠵᠢ ᠶᠢ ᠲᠣᠬᠢᠷᠠᠭᠤᠯᠪᠠ᠃ | ᠣᠶᠢᠯᠠᠭᠠᠭᠰᠠᠨ ᠢᠶᠠᠷ᠂ ᠲᠣᠰ ᠦᠶᠯᠡᠴᠢᠯᠡᠭᠡᠨ ᠤ ᠲᠥᠪ ᠢ ᠵᠠᠰᠠᠭ ᠤᠨ ᠣᠷᠳᠣᠨ ᠤ ᠪᠥᠲᠥᠭᠡᠨ | ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠵᠠᠭᠪᠤᠷ ᠢᠶᠠᠷ ︽ᠵᠡᠭᠦᠨ ᠦᠵᠦᠮᠦᠴᠢᠨ ᠬᠤᠰᠢᠭᠤᠨ ᠤ ᠪᠠᠳᠤᠵᠢᠷᠭᠠᠯ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾ ᠳᠠᠭᠠᠭᠠᠴᠢᠯᠠᠨ ᠡᠵᠡᠩᠨᠡᠭᠰᠡᠨ ᠪᠥᠭᠡᠳ | 10 ᠭᠠᠷᠤᠶ ᠬᠥᠮᠦᠨ ᠤ ᠦᠶᠯᠡᠴᠢᠯᠡᠭᠡᠨ ᠤ ᠪᠦᠯᠬᠦᠮ ᠢᠶᠠᠷ ᠪᠦᠷᠢᠯᠳᠦᠵᠦ᠂ ᠤᠯᠤᠰ ᠤᠷᠤᠨ ᠤ ᠨᠡᠷᠡᠲᠦ ᠮᠠᠯ | ᠡᠮᠨᠡᠯᠭᠡ ᠶᠢᠨ ᠮᠡᠷᠭᠡᠵᠢᠯᠲᠡᠨ ᠢ ᠵᠠᠯᠠᠵᠦ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠳ ᠲᠤ ᠪᠥᠬᠦ ᠲᠠᠯ᠎ᠠ ᠶᠢᠨ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡ ᠬᠠᠩᠭᠠᠬᠤ ᠪᠠᠷ ᠪᠠᠶᠢᠨ᠎ᠠ᠃ ᠦᠶᠯᠡᠴᠢᠯᠡᠭᠡᠨ ᠤ ᠠᠭᠤᠯᠭ᠎ᠠ ᠳᠤ | ᠮᠠᠯ ᠤᠨ ᠡᠪᠡᠳᠴᠢᠨ ᠡᠮᠭᠡᠭ ᠢ ᠣᠨᠣᠰᠢᠯᠠᠬᠤ᠂ ᠮᠡᠰᠡ ᠵᠠᠰᠠᠯ ᠬᠢᠬᠦ᠂ ᠠᠯᠤᠰ ᠠᠴᠠ ᠣᠨᠣᠰᠢᠯᠠᠨ ᠡᠮᠨᠡᠬᠦ ᠪᠤᠶᠤ ᠲᠤᠬᠠᠶ | ᠶᠢᠨ ᠲᠠᠯᠠᠪᠤᠷ ᠲᠤ ᠠᠰᠠᠭᠤᠨ ᠡᠮᠨᠡᠬᠦ ᠵᠡᠷᠭᠡ ᠪᠠᠭᠳᠠᠵᠦ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠬᠦᠷᠴᠦ | ᠣᠨᠣᠰᠢᠯᠠᠨ ᠡᠮᠨᠡᠵᠦ᠂ ᠵᠡᠭᠦᠦ ᠳᠠᠷᠢᠵᠤ ᠬᠤᠷᠣᠬᠠᠶ ᠬᠥᠭᠡᠭᠡᠬᠦ᠂ B ᠬᠡᠲᠦ ᠳᠣᠯᠭᠢᠶᠠᠨ ᠤ ᠪᠠᠶᠢᠴᠠᠭᠠᠯᠲᠠ᠂ | ᠬᠡᠭᠡᠯᠲᠦᠭᠦᠯᠭᠡ ᠵᠡᠷᠭᠡ ᠣᠯᠠᠨ ᠲᠠᠯ᠎ᠠ ᠶᠢᠨ ᠦᠶᠯᠡᠴᠢᠯᠡᠭᠡ ᠬᠠᠩᠭᠠᠨ᠎ᠠ ᠃ ᠲᠣᠰ ᠺᠣᠮᠫᠠᠨᠢ ᠨᠢ ᠮᠠᠨ ᠤ ᠬᠤᠰᠢᠭᠤᠨ ᠤ | ᠮᠠᠯ ᠡᠮᠨᠡᠯᠭᠡ ᠶᠢᠨ ᠲᠥᠯᠥᠪᠦᠷᠢᠲᠦ ᠦᠶᠯᠡᠴᠢᠯᠡᠭᠡᠨ ᠤ ᠰᠦᠶᠳᠬᠡᠯ ᠬᠤᠷᠢᠶᠠᠬᠤ ᠰᠠᠨᠠᠭᠤᠯᠭ᠎ᠠ ᠶᠢᠨ ᠦᠨ᠎ᠡ ᠶᠢ | ᠦᠨᠳᠦᠰᠦᠯᠡᠨ᠂ ᠰᠦᠶᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠵᠠᠢ᠃ | ᠵᠡᠭᠦᠨ ᠦᠵᠦᠮᠦᠴᠢᠨ ᠬᠤᠰᠢᠭᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠲᠥᠪ ᠢ ᠪᠠᠶᠢᠭᠤᠯᠤᠭᠰᠠᠨ ᠨᠢ | ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠪᠦᠲᠦᠮᠵᠢᠲᠡᠢ ᠳᠡᠭᠡᠭᠰᠢᠯᠡᠭᠦᠯᠪᠡ᠃ ᠬᠤᠶᠢᠰᠢᠳᠠ᠂ ᠮᠠᠨ ᠤ ᠬᠤᠰᠢᠭᠤ ᠨᠢ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠬᠦ ᠬᠤᠰᠢᠭᠤᠨ ᠤ ᠥᠷᠭᠡᠨ ᠣᠯᠠᠨ ᠮᠠᠯᠴᠢᠳ ᠲᠤ ᠲᠤᠰᠬᠠᠢ᠂ ᠰᠢᠯᠢᠳᠡᠭ᠂ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ | ᠶᠢ ᠪᠠᠲᠤᠯᠠᠨ᠎ᠠ᠃ |