ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ
   ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ          ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ︔ ᠬᠤᠰᠢᠭᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶ᠎ᠠ ᠶᠢᠨ ᠪᠣᠳᠠᠲᠠᠶ ᠠᠵᠢᠯ ᠤᠨ ᠠᠵᠢᠯᠯᠠᠭᠠᠨ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠤᠪᠴᠢᠶ᠎ᠠ᠂ ᠳᠠᠩᠰᠠ ᠡᠪᠬᠡᠮᠡᠯ ᠤᠨ ᠲᠣᠪᠴᠢᠶ᠎ᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠡᠭᠦᠷᠭᠡ ᠶᠢ ᠡᠭᠦᠷᠭᠡᠯᠡᠨ᠎ᠡ︔ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ  ᠬᠠᠷᠠᠭᠠᠯᠵᠠᠭᠰᠠᠨ ᠬᠠᠷᠢᠭᠤᠴᠠᠯᠭ᠎ᠠ ᠶᠢ ᠡᠭᠦᠷᠭᠡᠯᠡᠨ᠎ᠡ᠃    ᠬᠤᠪᠢ ᠬᠦᠮᠦᠨ ᠤ ᠲᠤᠪᠴᠢ ᠨᠠᠮᠲᠠᠷ    ᠳᠠᠶᠢᠴᠢᠨ᠂ ᠡᠷᠡᠭᠲᠡᠶ᠂ ᠮᠣᠩᠭᠤᠯ ᠦᠨᠳᠦᠰᠦᠲᠡᠨ᠂ 1986 ᠣᠨ ᠤ 5 ᠰᠠᠷ᠎ᠠ ᠳᠤ ᠳᠦᠷᠦᠵᠡᠶ᠂ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠮᠠᠨᠳᠣᠬᠤᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠤᠨ ᠡᠷᠬᠢᠯᠡᠭᠴᠢ ᠶᠢᠨ ᠲᠤᠰᠢᠶᠠᠯ ᠲᠠᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号