ᠣᠶᠢᠷ᠎ᠠ ᠳᠤ᠂ ᠠᠶᠢᠮᠠᠭ ᠬᠤᠰᠢᠭᠤ ᠬᠤᠶᠠᠷ ᠱᠠᠲᠤᠨ ᠤ ᠭᠠᠳᠠᠭᠠᠳᠤ ᠶᠠᠪᠤᠳᠠᠯ᠂ ᠬᠤᠳᠠᠯᠳᠤᠭᠠᠨ ᠤ ᠶᠠᠪᠤᠳᠠᠯ | ︵ᠬᠢᠯᠢ ᠶᠢᠨ ᠪᠣᠭᠤᠮᠲᠠ︶ ᠤᠨ ᠰᠠᠯᠠᠭ᠎ᠠ ᠮᠥᠴᠢᠷ ᠠᠴᠠ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ | ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠠᠢ ᠬᠠᠮᠲᠤᠷᠠᠨ ᠵᠡᠭᠦᠨ | ᠬᠠᠲᠠᠪᠴᠢ ᠪᠣᠭᠤᠮᠲᠠ ᠳᠤ ᠬᠠᠮᠲᠤ ᠪᠠᠷ ︽ᠭᠠᠳᠠᠭᠠᠳᠤ ᠲᠠᠢ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠵᠤ | ᠠᠷᠠᠳ ᠲᠤ ᠲᠥᠬᠦᠮ ᠦᠵᠡᠭᠦᠯᠬᠦ︾ ᠠᠵᠢᠯᠯᠠᠭ᠎ᠠ ᠶᠢ ᠡᠬᠢᠯᠡᠭᠦᠯᠬᠦ ᠶᠢᠨ ᠬᠠᠮᠲᠤ᠂ ᠰᠢᠯᠢ ᠶᠢᠨ ᠭᠤᠤᠯ ᠠᠶᠢᠮᠠᠭ ᠤᠨ | ᠠᠩᠬᠠᠳᠠᠭᠴᠢ ︽ᠠᠵᠤ ᠠᠬᠤᠶᠢᠯᠠᠯ ᠢ ᠲᠤᠰᠠᠯᠠᠵᠤ ᠠᠷᠠᠳ ᠲᠤ ᠲᠥᠬᠦᠮ ᠦᠵᠡᠭᠦᠯᠬᠦ ᠭᠠᠳᠠᠭᠠᠳᠤ ᠲᠠᠢ ᠬᠤᠯᠪᠣᠭᠳᠠᠬᠤ | ᠦᠢᠯᠡᠴᠢᠯᠡᠭᠡᠨ ᠤ ᠥᠷᠲᠡᠭᠡ︾ ᠶᠢ ᠪᠠᠶᠢᠭᠤᠯᠪᠠ᠃ | ᠠᠵᠢᠯᠯᠠᠭ᠎ᠠ ᠶᠢᠨ ᠳᠤᠮᠳᠠ᠂ ᠭᠠᠳᠠᠭᠠᠳᠤ ᠶᠠᠪᠤᠳᠠᠯ᠂ ᠬᠤᠳᠠᠯᠳᠤᠭᠠᠨ ᠤ ᠶᠠᠪᠤᠳᠠᠯ᠂ ᠪᠣᠭᠤᠮᠲᠠ᠂ ᠬᠢᠯᠢ ᠶᠢᠨ | ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠬᠢᠨ ︽ᠠᠵᠤ ᠠᠬᠤᠶᠢᠯᠠᠯ ᠢ ᠲᠤᠰᠠᠯᠠᠵᠤ ᠠᠷᠠᠳ ᠲᠤ ᠲᠥᠬᠦᠮ | ᠦᠵᠡᠭᠦᠯᠬᠦ︾ ᠭᠠᠳᠠᠭᠠᠳᠤ ᠳᠤ ᠬᠤᠯᠪᠣᠭᠳᠠᠬᠤ 20 ᠭᠠᠷᠤᠶ ᠵᠦᠢᠯ ᠤᠨ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠵᠦ᠂ ᠺᠤᠨᠰᠦ᠋ᠯ ᠤᠨ ᠬᠠᠮᠠᠭᠠᠯᠠᠯᠲᠠ᠂ APEC ᠬᠤᠳᠠᠯᠳᠤᠭᠠᠨ ᠤ | ᠶᠠᠪᠤᠳᠠᠯ ᠤᠨ ᠵᠢᠭᠤᠯᠴᠢᠯᠠᠯ ᠤᠨ ᠺᠠᠷᠲ ᠭᠤᠶᠤᠴᠢᠯᠠᠨ ᠠᠪᠬᠤ᠂ ᠭᠠᠳᠠᠭᠠᠳᠤ ᠳᠤ ᠭᠠᠷᠬᠤ ᠢᠲᠡᠭᠡᠮᠵᠢ ᠶᠢᠨ ᠳᠠᠭᠠᠳᠬᠠᠯ | ᠭᠤᠶᠤᠴᠢᠯᠠᠨ ᠠᠪᠬᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ᠂ ᠪᠣᠭᠤᠮᠲᠠ ᠶᠢᠨ | ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ᠂ ᠬᠢᠯᠢ ᠶᠢᠨ ᠪᠠᠶᠢᠴᠠᠭᠠᠯᠲᠠ ᠪᠠᠶᠢᠴᠠᠭᠠᠯᠲᠠ ᠬᠢᠬᠦ ᠵᠡᠷᠭᠡ ᠲᠠᠯ᠎ᠠ ᠶᠢᠨ | ᠠᠭᠤᠯᠭ᠎ᠠ ᠶᠢ ᠬᠠᠮᠤᠷᠪᠠ᠃ ᠡᠭᠦᠨ ᠤ ᠬᠠᠮᠲᠤ᠂ ᠪᠣᠭᠤᠮᠲᠠ ᠶᠢᠨ ᠬᠡᠰᠡᠭ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠳᠤ ᠭᠦᠨᠵᠡᠭᠡᠶᠢᠷᠡᠠ᠂ ᠦᠢᠯᠡᠳᠪᠦᠷᠢᠯᠡᠯ ᠡᠵᠡᠩᠨᠡᠯᠲᠡ᠂ ᠭᠠᠳᠠᠭᠠᠳᠤ ᠠᠷᠠᠯᠵᠢᠶᠠᠨ ᠤ ᠪᠠᠶᠢᠳᠠᠯ ᠪᠣᠯᠤᠨ | ᠭᠠᠳᠠᠭᠠᠳᠤ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢᠨ ᠬᠡᠷᠡᠭᠴᠡᠭᠡ ᠶᠢ ᠤᠢᠢᠯᠠᠭᠠᠨ ᠡᠵᠡᠮᠰᠢᠵᠦ᠂ ᠬᠤᠯᠪᠣᠭᠳᠠᠯ | ᠪᠦᠬᠦᠢ ᠲᠤᠬᠠᠶᠢᠯᠠᠭᠰᠠᠨ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠠ᠂ ᠠᠵᠤ | ᠠᠬᠤᠶᠢᠯᠠᠯ ᠤᠨ ︽ᠭᠠᠳᠠᠭᠰᠢ ᠭᠠᠷᠬᠤ︾ ᠳᠤ ᠵᠢᠯᠤᠭᠤᠳᠤᠯᠭ᠎ᠠ ᠪᠠ ᠦᠢᠯᠡᠴᠢᠯᠡᠭᠡ ᠬᠢᠵᠦ᠂ ︽ᠭᠠᠳᠠᠭᠠᠳᠤ ᠶᠠᠪᠤᠳᠠᠯ᠂ | ᠭᠠᠳᠠᠭᠠᠳᠤ ᠠᠵᠤ ᠠᠬᠤᠢ᠂ ᠭᠠᠳᠠᠭᠠᠳᠤ ᠠᠷᠠᠯᠵᠢᠶ᠎ᠠ︾ ᠶᠢ ᠬᠠᠮᠵᠢᠯᠴᠠᠨ ᠬᠦᠴᠦᠯᠡᠵᠦ᠂ ᠲᠤᠬᠠᠢ ᠶᠢᠨ ᠭᠠᠵᠠᠷ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ |