1 ᠰᠠᠷ᠎ᠠ ᠶᠢᠨ 21 ᠤ ᠡᠳᠦᠷ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠵᠡᠭᠦᠨ ᠦᠵᠦᠮᠦᠴᠢᠨ | ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ ᠠᠷᠠᠳᠴᠢᠯᠠᠯ ᠠᠮᠢᠳᠤᠷᠠᠯ ᠤᠨ | ᠬᠤᠷᠠᠯ ᠤᠨ ᠡᠮᠦᠨᠡᠬᠢ ᠰᠤᠷᠤᠯᠴᠠᠯᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ | ᠭᠤᠣᠯᠯᠠᠬᠤ ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ | ᠪᠦᠷᠢᠯᠳᠦᠬᠦᠨ ᠬᠤᠷᠠᠯ ᠳᠤ ᠣᠷᠣᠯᠴᠠᠪᠠ ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠠᠷᠠᠳᠴᠢᠯᠠᠯ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ | ᠤᠨ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠪᠠ ᠃ | ᠬᠤᠷᠠᠯ ᠳᠡᠭᠡᠷ᠎ᠡ᠂ ᠴᠠᠩ ᠱᠧᠩ᠂ ᠠᠯᠮᠠᠰ᠂ ᠵᠧᠦ ᠸᠧ ᠮᠢᠨ᠂ ᠵᠠᠩ ᠶᠢᠨ ᠯᠢᠶᠠᠩ《 ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ 》 ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠬᠤᠷᠠᠯ ᠠᠴᠠ᠂ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠴᠠᠭᠠᠨ ᠰᠠᠷ᠎ᠠ ᠠᠴᠠ ᠡᠮᠦᠨᠡᠬᠢ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ | ᠭᠤᠤᠯᠳᠠᠯᠭ᠎ᠠ ᠲᠠᠢ ᠬᠦᠷᠢᠶ᠎ᠡ ᠶᠢ ᠲᠣᠪᠣᠶᠢᠯᠭᠠᠨ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ | ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠴᠤ ᠠᠳᠠᠯᠢᠬᠠᠨ ᠢᠶᠠᠷ | ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠠᠶᠠᠷ ᠤᠨ ᠡᠳᠦᠷ ᠤᠨ ᠲᠣᠭᠲᠠᠭᠤᠨ ᠪᠠᠶᠢᠳᠠᠯ ᠢ | ᠨᠥᠯᠥᠭᠡᠯᠡᠵᠦ ᠮᠡᠳᠡᠬᠦ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠤᠷᠢᠳᠴᠢᠯᠠᠨ ᠣᠷᠣᠯᠴᠠᠵᠤ᠂ ᠲᠣᠬᠢᠲᠠᠶ | ᠰᠢᠶᠳᠪᠦᠷᠢᠯᠡᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ | ᠬᠦᠴᠦ ᠪᠠᠷ ᠢᠶᠠᠨ ᠰᠠᠶᠢᠲᠤᠷ ᠬᠢᠵᠦ᠂ ᠬᠤᠯᠪᠣᠭᠳᠠᠯ ᠪᠦᠬᠦᠢ ᠨᠢᠭᠡᠴᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ ᠲᠣᠭᠲᠠᠭᠠᠬᠤ ᠶᠢᠨ ᠬᠠᠮᠲᠤ ᠲᠤᠰᠬᠠᠢ ᠬᠥᠮᠦᠨ ᠲᠤᠬᠢᠷᠠᠭᠤᠯᠤᠨ 24 ᠴᠠᠭ ᠢᠶᠠᠷ ᠵᠢᠵᠢᠭᠦᠷᠯᠡᠭᠦᠯᠵᠦ᠂ | ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠠᠷᠭᠠᠴᠠᠭᠠᠵᠤ᠂ ᠥᠷᠭᠡᠨ ᠤᠯᠠᠨ ᠲᠦᠮᠡᠨ ᠤ | ᠴᠠᠭᠠᠨ ᠰᠠᠷ᠎ᠠ ᠪᠠᠨ ᠪᠠᠶᠠᠷ ᠪᠠᠶᠠᠰᠬᠤᠯᠠᠩ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠠᠴᠠ ᠡᠮᠦᠨᠡᠬᠢ | ᠲᠣᠬᠤᠨᠢᠭᠤᠯᠬᠤ ᠠᠵᠢᠯ ᠢ ᠰᠠᠶᠢᠲᠤᠷ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠬᠦᠷᠳᠡᠵᠦ ᠪᠠᠶᠢᠭ᠎ᠠ | ᠡᠷᠦᠬᠡ᠂ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯᠲᠡᠢ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠦᠰ ᠢ | ᠡᠷᠬᠢᠨ ᠦᠵᠡᠵᠦ ᠲᠣᠬᠤᠨᠢᠭᠤᠯᠤᠨ᠂ ᠳᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠳᠡᠳᠡᠨ ᠢ | ᠬᠠᠪᠰᠤᠷᠤᠨ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠳᠡᠳᠡᠨ ᠳᠤ | ᠬᠠᠯᠠᠭᠤᠨ ᠳᠤᠯᠠᠭᠠᠨ ᠢ ᠮᠡᠳᠡᠷᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠦ ᠬᠢᠨᠠᠨ ᠵᠦᠪᠯᠡᠪᠡ᠃ |