1 ᠰᠠᠷ᠎ᠠ ᠶᠢᠨ 21 ᠤ ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ 2025 ᠣᠨ ᠤ | ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠰᠢᠯᠢ ᠶᠢᠨ ᠭᠤᠤᠯ ᠤᠨ ᠴᠡᠷᠢᠭ ᠤᠨ | ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2024 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ | ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠧᠦ ᠢᠦᠢ ᠯᠦᠩ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ ᠶᠢᠨ ᠲᠣᠭᠤᠷᠢᠨ ᠳᠤ᠂ ᠬᠢᠯᠢ ᠬᠢᠵᠠᠭᠠᠷ ᠠᠮᠤᠷ ᠲᠣᠭᠲᠠᠭᠤᠨ᠂ ᠴᠡᠷᠢᠭ ᠠᠷᠠᠳ ᠪᠦᠯᠬᠦᠮᠳᠡᠭᠰᠡᠨ᠂ ᠨᠡᠶᠢᠭᠡᠮ | ᠲᠣᠭᠲᠠᠭᠤᠨ᠂ ᠠᠵᠤ ᠠᠬᠤᠢ ᠶᠢᠨ ᠬᠥᠭᠵᠢᠯᠲᠡ ᠪᠣᠯᠤᠨ ᠴᠡᠷᠢᠭ ᠴᠠᠭᠳᠠᠭ᠎ᠠ ᠠᠷᠠᠳ ᠤᠨ ᠪᠦᠬᠦ ᠲᠠᠯ᠎ᠠ ᠶᠢᠨ | ᠲᠠᠪᠰᠢᠯᠳᠠ ᠶᠢ ᠬᠦᠴᠦᠲᠡᠢ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠭᠰᠠᠨ᠂ ᠴᠡᠷᠢᠭ ᠠᠩᠭᠢ | ᠪᠠ ᠣᠷᠣᠨ ᠨᠤᠲᠤᠭ ᠬᠠᠮᠵᠢᠯᠴᠠᠭᠰᠠᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠤᠭᠰᠠᠨ᠂ ᠬᠦᠴᠦ ᠪᠠᠨ | ᠬᠠᠮᠲᠤᠳᠬᠠᠨ ᠠᠬᠢᠭᠤᠯᠤᠭᠰᠠᠨ ︽ᠬᠤᠶᠠᠷ ᠢ ᠬᠦᠷᠢᠶᠡᠯᠡᠬᠦ︾ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠪᠠ | ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰᠬᠦ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠥᠯᠥᠪᠵᠢᠭᠦᠯᠬᠦ ᠵᠢᠯ ᠪᠣᠯᠤᠨ᠎ᠠ᠂ ᠪᠠᠰᠠ ᠴᠤ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ | ᠬᠠᠷᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ | ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠢ | ᠰᠠᠶᠢᠲᠤᠷ ᠬᠢᠵᠦ᠂ ᠲᠠᠶᠢᠨ ᠳᠤ ᠪᠡᠯᠡᠳᠬᠡᠵᠦ ᠲᠠᠶᠢᠨ ᠬᠢᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠯᠢ | ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠰᠠᠶᠢᠲᠤᠷ ᠠᠳᠬᠤᠵᠤ᠂ ᠬᠢᠯᠢ ᠶᠢᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠬᠢᠵᠢᠭᠦᠯᠵᠦ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠲᠦᠪᠰᠢᠨ ᠢ ᠳᠡᠭᠡᠭᠰᠢᠯᠡᠭᠦᠯᠵᠦ᠂ ᠬᠤᠶᠠᠷ ᠢ ᠬᠦᠷᠢᠶᠡᠯᠡᠬᠦ ᠴᠣ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠵᠦ᠂ ᠡᠷᠡᠮᠡᠬᠡᠶᠢᠯᠡᠨ ᠤᠷᠤᠭᠰᠢᠯᠠᠵᠤ᠂ ᠮᠠᠨ ᠤ ᠬᠤᠰᠢᠭᠤᠨ ᠤ ᠰᠢᠨ᠎ᠡ | ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠳᠤᠮᠳᠠᠳᠤ ᠶᠢᠨ ᠵᠡᠭᠦᠳᠦ᠂ ᠴᠡᠷᠢᠭ ᠢ | ᠬᠦᠴᠦᠷᠬᠡᠭᠵᠢᠭᠦᠯᠬᠦ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠭᠡᠵᠡᠢ᠃ | ᠬᠤᠷᠠᠯ ᠠᠴᠠ ᠪᠠᠰᠠ ᠵᠡᠭᠦᠨ ᠦᠵᠦᠮᠦᠴᠢᠨ ᠬᠤᠰᠢᠭᠤᠨ ᠤ 2024 ᠣᠨ ᠤ ᠵᠡᠪᠰᠡᠭᠲᠦ ᠬᠦᠴᠦᠨ ᠤ | ᠠᠵᠢᠯ ᠤᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ |