ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 82 ᠳ᠋ᠤᠭᠠᠷ ᠤᠳᠠᠭᠠᠨ ᠤ ( 2025 ᠣᠨ ᠤ  ᠭᠤᠷᠪᠠᠳᠣᠭᠠᠷ ᠤᠳᠠᠭᠠᠨ ᠤ ) ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/24
      1 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 82 ᠳ᠋ᠤᠭᠠᠷ ᠤᠳᠠᠭ᠎ᠠ ( 2025 ᠣᠨ ᠤ ᠭᠤᠷᠪᠠᠳᠣᠭᠠᠷ ᠤᠳᠠᠭᠠᠨ ᠤ ) ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 1 ᠰᠠᠷ᠎ᠠ ᠶᠢᠨ 9 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠲᠣᠶᠢᠮᠣ ᠪᠠᠶᠢᠳᠠᠯ ᠵᠢᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠪᠠ  ᠃      ᠬᠤᠷᠠᠯ ᠠᠴᠠ ᠱᠠᠭᠠᠷᠳᠠᠬᠤ ᠳᠠᠭᠠᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠨ ᠦᠶᠯᠡᠳᠦᠯᠭᠡᠵᠢᠭᠦᠯᠵᠦ᠂ ᠴᠢᠷᠮᠠᠶᠢᠨ ᠠᠵᠢᠯᠯᠠᠬᠤ ᠶᠢ ᠪᠠᠷᠢᠮᠲᠠᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠠᠮᠤᠷᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠲᠣᠳᠣᠷᠬᠠᠶ ᠲᠣᠭᠲᠠᠭᠠᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠬᠤ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ 《 ᠲᠠᠪᠤᠨ ᠶᠡᠭᠡ ᠡᠭᠦᠷᠭᠡ 》 ᠶᠢ ᠦᠷᠭᠦᠯᠵᠢᠯᠡᠨ ᠠᠬᠢᠭᠤᠯᠵᠤ᠂ 《 ᠵᠢᠷᠭᠤᠭᠠᠨ ᠢᠨᠵᠧᠨᠧᠷᠢᠩ 》 ᠢ ᠦᠷᠭᠦᠯᠵᠢᠯᠡᠨ ᠬᠡᠷᠡᠭᠵᠢᠭᠦᠯᠵᠦ᠂ 《 ᠵᠢᠷᠭᠤᠭᠠᠨ ᠠᠵᠢᠯᠯᠠᠭ᠎ᠠ 》 ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠡᠢ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号