ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/24
      1 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ  ᠃      ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠢ ᠡᠷᠬᠢᠯᠡᠵᠠᠢ᠃ ᠠᠶᠢᠮᠠᠭ ᠤᠨ ᠵᠢᠷᠭᠤᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠳᠡᠳ᠋ ᠳᠠᠷᠤᠭ᠎ᠠ ᠵᠠᠩ ᠬᠠᠢ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ  ᠃      ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠵᠧᠦ ᠢᠦᠢ ᠯᠦᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠭᠰᠡᠨ ᠪᠥᠭᠡᠳ ᠲᠣᠯᠤᠭᠠᠶᠢᠯᠠᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠶᠢᠨ  ᠶᠠᠷᠢᠶ᠎ᠠ ᠲᠠᠯᠪᠢᠵᠦ᠂ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ  ᠃      ᠵᠠᠩ ᠬᠠᠢ ᠴᠢᠬᠤᠯᠠᠴᠢᠯᠠᠬᠤ ᠳᠠᠭᠠᠨ᠂ ᠲᠤᠰ ᠤᠳᠠᠭ᠎ᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠨᠢ ᠨᠠᠷᠢᠯᠢᠭ ᠭᠦᠢᠴᠡᠳ᠂ ᠶᠠᠪᠤᠴᠠ ᠨᠢ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠬᠠᠷᠢᠴᠠᠭᠤᠯᠤᠨ ᠪᠠᠶᠢᠴᠠᠭᠠᠭᠰᠠᠨ ᠨᠢ ᠭᠦᠨᠵᠡᠭᠡᠢ᠂ ᠬᠠᠷᠢᠯᠴᠠᠨ ᠰᠢᠭᠦᠮᠵᠢᠯᠡᠭᠰᠡᠨ ᠨᠢ ᠦᠨᠡᠨ ᠪᠣᠳᠠᠲᠠᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠲᠣᠳᠣᠷᠬᠠᠢ ᠪᠣᠳᠠᠲᠠᠢ ᠪᠠᠶᠢᠵᠦ᠂ ᠨᠢᠭᠡ ᠣᠳᠠᠭᠠᠨ ᠤ ᠦᠨᠡᠨᠴᠢ᠂ ᠪᠣᠳᠠᠲᠠᠢ  ᠶᠢ ᠡᠷᠬᠢᠮᠯᠡᠭᠰᠡᠨ᠂ ᠴᠢᠨᠠᠷ ᠰᠠᠶᠢᠲᠠᠢ ᠠᠷᠠᠳᠴᠢᠯᠠᠯ ᠠᠮᠢᠳᠤᠷᠠᠯ ᠤᠨ ᠬᠤᠷᠠᠯ ᠪᠣᠯᠤᠨ᠎ᠠ᠃ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠨᠴᠠᠭᠠᠶᠢᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤᠮᠳᠠ ᠺᠠᠳ᠋ᠷ ᠤᠯᠠᠨ ᠲᠦᠮᠡᠨ ᠳᠤ ᠤᠳᠤᠷᠢᠳᠬᠤ ᠪᠠᠭ ᠤᠨ ᠠᠰᠠᠭᠤᠳᠠᠯ ᠢ ᠰᠢᠢᠳᠪᠦᠷᠢᠯᠡᠬᠦ ᠢᠲᠡᠭᠡᠯ ᠵᠣᠷᠢᠭ ᠢ ᠦᠨᠡᠨ ᠬᠦ ᠮᠡᠳᠡᠷᠡᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠥᠷᠭᠡᠨ ᠢᠶᠠᠷ ᠰᠠᠨᠠᠯ ᠬᠤᠷᠢᠶᠠᠵᠤ᠂ ᠪᠠᠶᠢᠴᠠᠭᠠᠨ ᠰᠤᠳᠤᠯᠵᠤ ᠨᠤᠲᠠᠯᠠᠬᠤ ᠪᠠᠨ ᠴᠢᠩᠭᠠᠳᠬᠠᠵᠤ᠂ ᠲᠦᠷᠢᠮ ᠲᠣᠭᠲᠠᠭᠠᠯ   ᠳᠤ ᠨᠡᠶᠢᠴᠡᠬᠦ᠂ ᠪᠣᠳᠠᠲᠠᠢ ᠶᠢ ᠡᠷᠬᠢᠮᠯᠡᠨ ᠬᠡᠷᠡᠭᠴᠡᠭᠡ ᠲᠠᠢ ᠪᠠᠶᠢᠬᠤ ᠶᠢ ᠪᠠᠲᠤᠯᠠᠵᠤ᠂ ᠠᠷᠠᠳᠴᠢᠯᠠᠯ  ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠵᠧᠦ ᠢᠦᠢ ᠯᠦᠩ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠠᠭ ᠢ ᠲᠥᠯᠥᠭᠡᠯᠡᠨ ᠣᠪᠣᠷ ᠢᠶᠠᠨ ᠢᠯᠡᠳᠭᠡᠬᠦ  ᠶᠠᠷᠢᠶᠠᠨ ᠳᠠᠭᠠᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ  ᠲᠠᠯᠪᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠤᠨ          ᠨᠠᠶᠢᠳᠠᠪᠤᠷᠢᠵᠢᠭᠤᠯᠵᠦ᠂ 《 ᠬᠤᠶᠠᠷ ᠢ ᠲᠣᠭᠲᠠᠭᠠᠬᠤ 》 ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠦᠢᠯᠠᠭᠠᠵᠦ᠂ 《 ᠳᠥᠷᠪᠡᠨ ᠤᠬᠠᠮᠰᠠᠷ 》 ᠢ  ᠴᠢᠩᠭᠠᠳᠬᠠᠵᠣ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ  ᠪᠡᠶᠡᠯᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠣᠯᠣᠭᠠᠶᠢᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠰᠢᠭᠦᠮᠵᠢᠯᠡᠯ ᠪᠠ‌ᠥᠪᠡᠷ ᠤᠨ ᠰᠢᠭᠦᠮᠵᠢᠯᠡᠯ   ᠢ ᠰᠠᠶᠢᠲᠤᠷ ᠬᠢᠵᠦ᠂ ᠨᠠᠮ ᠤᠨ ᠳᠣᠲᠣᠭᠠᠳᠤ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠤᠯᠭᠠᠵᠦ᠂ ᠪᠥᠬᠦ ᠬᠤᠰᠢᠭᠤᠨ ᠤ ᠨᠠᠮ ᠤᠨ ᠭᠡᠰᠢᠭᠦᠨ᠂ ᠺᠠᠳ᠋ᠷ ᠪᠤᠯᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠣᠳᠠᠲᠠᠶ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠵᠦ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ  ᠡᠭᠦᠳᠬᠦ ᠬᠡᠷᠡᠭᠲᠠᠢ ᠭᠡᠵᠡᠢ  ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠬᠤᠷᠠᠯ ᠳᠤ ᠰᠤᠯᠠ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号