2 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ | ᠣᠷᠣᠨ ᠤ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠵᠢᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ | ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠥᠬᠦ ᠣᠷᠣᠨ ᠤ ᠬᠤᠶᠠᠷ | ᠬᠤᠷᠠᠯ ᠤᠨ ᠭᠤᠣᠯᠳᠠᠯᠭ᠎ᠠ ᠲᠠᠢ ᠡᠭᠦᠷᠭᠡ ᠶᠢ ᠳᠠᠬᠢᠨ ᠲᠣᠬᠢᠷᠠᠭᠤᠯᠵᠤ ᠳᠠᠬᠢᠨ ᠨᠠᠶᠢᠳᠠᠪᠤᠷᠢᠵᠢᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠸᠠᠩ ᡁᠢ ᠴᠢᠶᠠᠩ᠂ ᠴᠢᠬᠤᠯᠠ ᠶᠡᠭᠡ ᠲᠥᠷᠥᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠴᠢᠬᠤᠯᠠ ᠠᠴᠢᠶᠠᠯᠠᠪᠤᠷᠢ ᠪᠣᠯᠣᠨ᠎ᠠ᠂ ᠴᠢᠬᠤᠯᠠ ᠶᠡᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠲᠦᠷᠭᠡᠨ ᠡᠬᠢᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠴᠢᠬᠤᠯᠠ ᠬᠦᠴᠦᠨ ᠵᠦᠢᠯ ᠢ | ᠪᠠᠲᠤᠯᠠᠬᠤ᠂ ᠪᠦᠲᠦᠭᠡᠨ ᠪᠠᠶᠢᠭᠤᠯᠤᠯᠲᠠ ᠬᠢᠵᠦ ᠠᠰᠢᠭᠯᠠᠯᠲᠠ ᠳᠤ ᠣᠷᠣᠭᠤᠯᠬᠤ ᠲᠠᠯ᠎ᠠ ᠪᠠᠷ ᠥᠷᠯᠥᠭᠡ ᠦᠳᠡᠰᠢ ᠶᠢ | ᠲᠡᠮᠡᠴᠡᠵᠦ ᠴᠠᠭ ᠮᠥᠴᠡ ᠲᠠᠢ ᠤᠷᠤᠯᠳᠤᠨ ᠠᠵᠢᠯᠯᠠᠵᠤ᠂ ᠡᠪᠦᠯ ᠤᠨ ᠤᠯᠠᠷᠢᠯ ᠤᠨ 1900 ᠭᠠᠷᠤᠢ ᠪᠠᠷᠢᠯᠭ᠎ᠠ ᠶᠢᠨ | ᠠᠵᠢᠯ ᠢ ᠪᠥᠬᠦᠨ ᠢ ᠦᠨᠡᠨ ᠪᠣᠳᠠᠲᠠᠢ ᠡᠬᠢᠯᠡᠭᠦᠯᠬᠦ ᠬᠡᠷᠡᠭᠲᠡᠢ᠃ ᠰᠡᠳᠬᠢᠴᠡ ᠪᠠᠨ ᠰᠢᠨᠡᠴᠢᠯᠡᠵᠦ᠂ ᠲᠥᠷᠥᠯ ᠵᠦᠢᠯ ᠤᠨ | ᠪᠡᠯᠡ ᠣᠷᠤᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭ᠎ᠠ ᠠᠴᠠ ᠤᠬᠠᠭᠠᠯᠠᠨ ᠲᠥᠯᠥᠪᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠬᠦ ᠬᠦᠷᠲᠡᠯ᠎ᠡ ︽ᠨᠢᠭᠡ ᠵᠢᠯ ᠳᠤ ᠣᠯᠠᠨ ᠤᠳᠠᠭ᠎ᠠ︾ ᠦᠷᠭᠦᠯᠵᠢᠯᠡᠨ ᠠᠬᠢᠭᠤᠯᠬᠤ ᠰᠢᠨ᠎ᠡ | ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠡᠯᠡ ᠣᠷᠤᠭᠤᠯᠤᠯᠲᠠ ᠶᠢᠨ ᠥᠨᠳᠥᠷ ᠰᠠᠭᠤᠷᠢ ᠲᠣᠭᠠᠨ ᠤ | ᠳᠡᠭᠡᠷ᠎ᠡ ᠦᠷᠭᠦᠯᠵᠢᠯᠡᠨ ᠥᠨᠳᠥᠷ ᠨᠡᠮᠡᠭᠳᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠬᠢᠬᠦ ᠶᠢ ᠲᠡᠷᠢᠭᠦᠨ ᠳᠤ | ᠲᠠᠯᠪᠢᠵᠤ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠵᠤ ᠦᠢᠯᠡᠰ᠂ ᠡᠬᠢ ᠪᠠᠶᠠᠯᠢᠭ᠂ ᠪᠡᠯᠡ ᠮᠥᠩᠭᠦ ᠶᠢᠨ | ᠲᠣᠭᠤᠷᠢᠨ ᠳᠤ ᠨᠡᠩ ᠣᠯᠠᠨ ᠰᠠᠶᠢᠨ ᠲᠥᠷᠥᠯ ᠵᠦᠢᠯ ᠢ ᠰᠠᠶᠢᠲᠤᠷ ᠤᠬᠠᠭᠠᠯᠠᠨ ᠲᠥᠯᠥᠪᠵᠢᠭᠦᠯᠵᠦ ᠬᠡᠷᠡᠭᠵᠢᠭᠦᠯᠦᠨ᠂ | ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾ ᠲᠠᠢ ᠪᠠᠶᠢᠬᠤ ᠶᠢ ᠪᠠᠲᠤᠯᠠᠵᠤ᠂ ︽ᠪᠥᠬᠦ ᠵᠢᠯ ᠳᠤ ᠰᠠᠶᠢᠨ ᠪᠠᠶᠢᠬᠤ | ︾ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠪᠡ᠃ |