1 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠴᠠᠩ ᠱᠧᠩ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2025 ᠣᠨ ᠤ ᠠᠩᠬᠠᠳᠤᠭᠠᠷ ᠤᠳᠠᠭᠠᠨ ᠤ | ᠠᠶᠤᠯᠭᠦᠶ ᠦᠶᠯᠡᠳᠪᠦᠷᠢᠯᠡᠯ ᠤᠨ ᠡᠭᠡᠯᠵᠢᠲᠦ ᠬᠤᠷᠠᠯ ᠵᠢᠴᠢ ᠪᠥᠬᠦ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ | ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ ᠃ | ᠬᠤᠰᠢᠭᠤ ᠤᠳᠤᠷᠢᠳᠤᠯᠭ᠎ᠠ ᠴᠠᠩ ᠵᠧᠩ᠂ ᠶᠣᠣ ᠬᠠᠢ ᠰᠢᠶᠠ᠂ ᠰᠡᠴᠡᠨ᠂ ᠵᠢᠢ ᠸᠧᠨ ᠯᠢ ᠬᠤᠷᠠᠯ ᠳᠤ | ᠣᠷᠣᠯᠴᠠᠪᠠ ᠃ | ᠬᠤᠷᠠᠯ ᠠᠴᠠ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ | 《 ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠳᠡᠯ ᠤᠨ ᠭᠡᠮ ᠰᠣᠭᠤᠭ ᠢ ᠳᠣᠲᠣᠭᠠᠳᠤ ᠳᠠᠭᠠᠨ | ᠮᠡᠳᠡᠭᠦᠯᠵᠦ ᠱᠠᠩᠨᠠᠬᠤ ᠲᠣᠭᠲᠠᠴᠠ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢ ᠤᠯᠠᠮᠵᠢᠯᠠᠨ ᠲᠠᠷᠬᠠᠭᠠᠬᠤ ᠲᠤᠬᠠᠢ | ᠮᠡᠳᠡᠭᠳᠡᠯ 》ᠪᠠ ᠠᠶᠢᠮᠠᠭ ᠤᠨ ᠨᠠᠮ ᠤᠨ ᠬᠤᠷᠢᠶ᠎ᠠ ᠶᠢᠨ《 ᠠᠭᠤᠷᠬᠠᠢ ᠶᠢᠨ ᠬᠦᠷᠢᠶᠡᠨ ᠳᠠᠬᠢ ᠬᠦᠨᠳᠦ ᠣᠨᠴᠠ | ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠬᠤᠷᠢᠭᠯᠠᠬᠤ ᠲᠤᠬᠠᠢ ᠬᠠᠲᠠᠭᠤ ᠠᠷᠭ᠎ᠠ | ᠬᠡᠮᠵᠢᠶ᠎ᠡ 》 ᠶᠢᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠪᠠ ᠭᠤᠣᠯᠳᠠᠯᠭ᠎ᠠ ᠲᠠᠢ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠳᠠᠩᠰᠠ ᠶᠢ ᠤᠯᠠᠮᠵᠢᠯᠠᠵᠤ᠂ ᠪᠦᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠪᠡ᠃ ᠬᠤᠷᠠᠯ ᠳᠡᠭᠡᠷ᠎ᠡ᠂ ᠡᠯ᠎ᠡ ᠳᠡᠳ᠋ ᠬᠤᠰᠢᠭᠤ | ᠳᠠᠷᠤᠭ᠎ᠠ ᠨᠠᠷ ᠡᠴᠠᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠤᠨ | ᠲᠤᠬᠠᠶ ᠲᠠᠷᠠᠭᠠᠴᠢ ᠶᠢᠨ ᠠᠯᠬᠤᠮ ᠤᠨ ᠪᠠᠶᠢᠷᠢᠯᠠᠭᠤᠯᠤᠯᠲᠠ ᠬᠢᠪᠠ ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ ᠨᠢᠭᠡ ᠳᠤ᠂ ᠵᠢᠯ ᠤᠨ | ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ | ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠤᠯᠠᠮ | ᠴᠢᠨᠠᠭᠰᠢᠳᠠ ᠨᠢᠭᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠵᠢᠯ ᠤᠨ ᠰᠡᠭᠦᠯᠴᠢ ᠵᠢᠯ ᠤᠨ ᠡᠬᠢᠨ ᠤ | ᠠᠮᠤᠷ ᠲᠦᠪᠰᠢᠨ ᠢ ᠪᠠᠲᠤᠯᠠᠵᠤ ᠲᠣᠭᠲᠠᠭᠤᠨ ᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ | ᠠᠳᠬᠤᠬᠤ ᠬᠡᠷᠡᠭᠲᠡᠢ᠃ ᠬᠤᠶᠠᠷ ᠲᠤ᠂ ᠴᠠᠭᠠᠨ ᠰᠠᠷ᠎ᠠ ᠠᠴᠠ ᠡᠮᠦᠨ᠎ᠡ ᠢᠳᠡᠪᠬᠢᠲᠡᠶ ᠬᠥᠳᠡᠯᠦᠯᠴᠡᠵᠦ᠂ ᠵᠢᠯ ᠤᠨ | ᠡᠴᠦᠰ ᠵᠢᠯ ᠤᠨ ᠡᠬᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠡᠯ᠎ᠡ ᠲᠥᠷᠥᠯ ᠤᠨ ᠠᠭᠤᠷᠬᠠᠶ ᠶᠢᠨ | ᠠᠵᠤ ᠠᠬᠤᠶᠢᠯᠠᠯ᠂ ᠬᠤᠸᠠᠷ ᠫᠤᠤᠵᠢᠩ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠰᠤᠷᠭᠠᠭᠤᠯᠢ | ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭ᠎ᠠ᠂ ᠬᠤᠲᠠ ᠪᠠᠯᠭᠠᠰᠤᠨ ᠤ | ᠰᠢᠲᠠᠮᠠᠬᠠᠶ ᠬᠡᠶ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠤᠯᠳᠠᠯᠭ᠎ᠠ | ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠳᠬᠤᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ | ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭ᠎ᠠ ᠪᠣᠳᠠᠲᠠᠶ ᠠᠳᠬᠤᠵᠤ᠂ ᠠᠶᠤᠯᠭᠦᠶ ᠦᠶᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ《 ᠠᠮᠢ ᠨᠠᠰᠤᠨ ᠤ | ᠵᠠᠮ 》 ᠢ ᠨᠡᠪᠲᠡᠷᠡᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠬᠤᠰᠢᠭᠤᠨ ᠤ ᠠᠶᠤᠯᠭᠦᠶ | ᠦᠶᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠠᠢ᠃ ᠭᠤᠷᠪᠠ | ᠳᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠮᠡᠳᠡᠭᠦᠯᠦᠨ | ᠬᠦᠷᠭᠡᠬᠦ ᠲᠦᠷᠢᠮ ᠪᠠ ᠤᠳᠤᠷᠢᠳᠤᠯᠭ᠎ᠠ ᠴᠢᠯᠥᠭᠡ ᠭᠤᠶᠤᠬᠤ ᠴᠢᠯᠥᠭᠡ ᠲᠠᠭᠤᠰᠤᠭᠰᠠᠨ ᠢᠶᠠᠨ ᠮᠡᠳᠡᠭᠳᠡᠬᠦ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠯᠠᠮ ᠴᠢᠨᠠᠭᠰᠢᠳᠠ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠵᠦ᠂ ᠪᠥᠬᠦ | ᠬᠤᠰᠢᠭᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠳᠦᠷᠪᠡ ᠳᠤ᠂ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠯᠪᠠᠨ | ᠶᠠᠪᠤᠳᠠᠯ ᠳᠤ ᠲᠡᠷᠭᠡ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠭᠠᠵᠢᠭᠤ ᠰᠤᠷᠲᠠᠯ ᠢ ᠴᠢᠩᠭ᠎ᠠ ᠬᠤᠷᠢᠭᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ | ᠰᠠᠨᠠᠭᠠᠴᠢᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠵᠢᠯ ᠥᠩᠭᠡᠷᠡᠭᠦᠯᠬᠦ ᠬᠡᠷᠡᠭᠲᠡᠢ ᠭᠡᠵᠡᠢ ᠃ | ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |