2024 ᠣᠨ ᠳᠤ᠂ ᠲᠣᠮᠳᠠᠳᠣ ᠶᠢᠨ ᠦᠨᠳᠦᠰᠦᠳᠡᠨ ᠤ ᠬᠠᠮᠲᠣ ᠶᠢᠨ ᠴᠣᠭᠴᠠ ᠶᠢᠨ ᠣᠬᠠᠮᠰᠠᠷ ᠢ ᠪᠠᠳᠣ | ᠴᠣᠭᠴᠠᠯᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠣ᠂ ᠬᠤᠰᠢᠭᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ᠲᠣᠰ ᠵᠢᠯ ᠤᠨ ᠡᠯ᠎ᠡ ᠲᠦᠷᠦᠯ ᠤᠨ ᠬᠠᠷᠠᠯᠲᠠ ᠡᠬᠦᠷᠭᠡ ᠪᠠᠨ ᠨᠡᠯᠢᠶᠡᠳ ᠰᠠᠶᠢᠨ ᠪᠡᠶᠡᠯᠡᠬᠦᠯᠪᠡ᠃ | 2024 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠣᠷᠰᠢ᠂ ᠪᠢᠳᠡ ᠠᠵᠣ ᠠᠬᠤᠢ ᠶᠢᠨ ᠪᠦᠳᠦᠭᠡᠨ ᠪᠠᠶᠢᠭᠤᠯᠣᠯᠲᠠ ᠳᠤ ᠬᠦᠴᠦ ᠲᠠᠯᠪᠢᠵᠣ᠂ | ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠠᠬᠢᠭᠤᠯᠪᠠ | ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠭᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 1.7 % ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15 % ᠪᠠᠷ | ᠨᠡᠮᠡᠭᠳᠡᠪᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠣᠮᠳᠠᠴᠢ ᠲᠣᠬᠢᠷᠠᠭᠤᠯᠵᠣ ᠪᠣᠯᠬᠤᠶᠢᠴᠠ | ᠣᠷᠣᠯᠭ᠎ᠠ ᠲᠣᠰᠪᠣᠷᠢ ᠠᠳᠠᠯᠢ ᠬᠤᠭᠤᠴᠠᠭᠠᠨ ᠤ ᠬᠢ ᠠᠴᠠ 3.6% ᠪᠠ 3.5 % ᠪᠠᠷ ᠨᠡᠮᠡᠭᠳᠡᠪᠠ᠃ | ᠪᠦᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠳᠣ ᠲᠥᠷᠥᠯ ᠵᠦᠢᠯ ᠢ 52 | ᠲᠣᠬᠢᠷᠠᠭᠤᠯᠵᠤ᠂ ᠡᠭᠦᠨ ᠳᠤ ᠠᠶᠢᠮᠠᠭ ᠲᠠᠰ ᠤᠨ 12 ᠭᠤᠣᠯᠳᠠᠯᠭᠠᠳᠣ ᠲᠥᠷᠥᠯ ᠵᠦᠢᠯ ᠨᠢ ᠪᠦᠬᠦᠨ ᠢᠶᠠᠷ ᠢᠶᠠᠨ | ᠠᠵᠢᠯ ᠢᠶᠠᠨ ᠰᠡᠷᠭᠦᠭᠡᠵᠣ᠂ ᠠᠳᠠᠯᠢ ᠬᠤᠭᠤᠴᠠᠭᠠᠨ ᠤ ᠬᠢ ᠠᠴᠠ 44.2 % ᠢᠶᠠᠷ ᠨᠡᠮᠡᠭᠳᠡᠪᠡ᠃ | ᠬᠤᠳᠠᠯᠳᠣᠭᠠᠴᠢᠨ ᠤᠷᠢᠵᠤ ᠪᠡᠯᠡ ᠣᠷᠣᠭᠤᠯᠣᠭᠰᠠᠨ 12 ᠲᠦᠷᠦᠯ ᠵᠦᠢᠯ ᠳᠤ ᠭᠡᠷ᠎ᠡ ᠳᠣᠭᠳᠠᠨ᠂ ᠠᠳᠠᠯᠢ | ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ | ᠨᠢᠭᠡ ᠵᠢᠯ ᠤᠨ ᠲᠣᠷᠰᠢ᠂ ᠪᠢᠳᠡ ᠠᠵᠤ ᠦᠢᠯᠡᠰ ᠢ ᠬᠦᠭᠵᠢᠬᠦᠯᠬᠦ ᠳᠤ ᠬᠦᠴᠦ ᠳᠠᠯᠪᠢᠵᠣ᠂ ᠠᠵᠣ ᠦᠢᠯᠡᠰ | ᠤᠨ ᠪᠦᠲᠦᠴᠡ ᠶᠢ ᠰᠢᠯᠢᠳᠡᠭᠵᠢᠭᠦᠯᠦᠨ ᠬᠡᠯᠬᠢᠶᠠᠰᠣ ᠶᠢ ᠣᠷᠳᠣᠳᠬᠠᠪᠡ | ◇ ᠨᠢᠭᠡᠳᠣᠭᠡᠷ ᠠᠵᠣ ᠦᠢᠯᠡᠰ ᠤᠨ ᠲᠠᠯ᠎ᠠ ᠪᠠᠷ | ︽3+2︾ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠠᠬᠢᠵᠢᠭᠦᠯᠵᠦ᠂ ᠮᠠᠯᠵᠢᠯ ᠤᠨ ᠣᠨ ᠤ | ᠮᠠᠯ ᠤᠨ ᠲᠤᠭ᠎ᠠ 363 ᠲᠦᠮᠡ ᠳᠤ ᠬᠦᠷᠪᠡ᠃ ᠪᠥᠬᠦ ᠬᠤᠰᠢᠭᠤᠨ ᠤ ᠭᠤᠷᠪᠠᠨ ᠱᠠᠲᠤᠨ ᠤ ᠡᠪᠡᠰᠦ ᠪᠣᠷᠳᠤᠭ᠎ᠠ ᠶᠢ | ᠲᠦᠪᠯᠡᠷᠡᠭᠦᠯᠦᠨ ᠨᠦᠭᠡᠴᠡᠯᠡᠬᠦ ᠳᠣᠭᠳᠠᠯᠴᠠᠭ᠎ᠠ ᠶᠢ ᠪᠠᠶᠢᠭᠤᠯᠪᠠ᠃ | ᠪᠥᠬᠦ ᠬᠤᠰᠢᠭᠤᠨ ᠤ ᠴᠠᠭᠠᠨ ᠢᠳᠡᠭᠡᠨ ᠤ ᠭᠠᠷᠤᠯᠲᠠ 4.64 ᠲᠦᠮᠡᠨ ᠲᠣᠨ ᠳᠤ ᠬᠦᠷᠴᠦ᠂ ᠵᠢᠯ ᠤᠨ | ᠦᠢᠯᠡᠳᠬᠦᠨ ᠤ ᠥᠷᠲᠡᠭ ᠨᠢ 2.78 ᠳ᠋ᠦᠩᠰᠢᠭᠤᠷ ᠲᠥᠭᠦᠷᠢᠭ ᠠᠴᠠ ᠳᠠᠪᠠᠪᠠ᠃ | ◇ᠬᠤᠶᠠᠳᠣᠭᠠᠷ ᠠᠵᠣ ᠦᠢᠯᠡᠰ ᠤᠨ ᠲᠠᠯ᠎ᠠ ᠪᠠᠷ | ᠪᠥᠬᠦ ᠬᠤᠰᠢᠭᠤᠨ ᠤ ᠥᠩᠭᠡᠲᠦ ᠲᠡᠮᠦᠷᠯᠢᠭ ᠵᠢᠴᠢ ᠲᠡᠮᠦᠷ ᠤᠨ ᠨᠣᠨᠳᠠᠭ᠂ ᠲᠦᠭᠦᠬᠡᠶ ᠴᠢᠯᠠᠭᠤᠨ ᠲᠣᠰᠣ ᠪᠠ | ᠨᠡᠭᠦᠷᠡᠰᠦᠨ ᠤ ᠭᠠᠷᠤᠯᠲᠠ ᠲᠣᠰᠪᠣᠷᠢ 40 ᠲᠦᠮᠡᠨ ᠲᠣᠨ᠂ 35 ᠲᠦᠮᠡᠨ ᠲᠣᠨ ᠪᠠ 120 ᠲᠦᠮᠡᠨ ᠲᠣᠨ ᠳᠤ | ᠬᠦᠷᠴᠦ᠂ ᠪᠥᠬᠦ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 35.4 ᠳ᠋ᠦᠩᠰᠢᠭᠤᠷ ᠲᠥᠭᠦᠷᠢᠭ | ᠲᠤ ᠬᠦᠷᠴᠦ᠂ ᠠᠵᠤ ᠦᠢᠯᠡᠳᠪᠦᠷᠢ ᠶᠢᠨ ᠡᠳ᠋ ᠤᠨ ᠵᠠᠰᠠᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ | 71% ᠳᠤ ᠬᠦᠷᠪᠡ᠃ | 2 ᠣᠯᠣᠰ ᠤᠨ ᠳᠡᠰ ᠤᠨ ᠳᠡᠭᠡᠳᠣ ᠰᠢᠨ᠎ᠡ ᠮᠡᠷᠭᠡᠵᠢᠯ ᠤᠨ ᠠᠵᠣ ᠠᠬᠤᠶᠢᠯᠠᠯ᠂ 3 ᠦᠪᠡᠷᠳᠡᠭᠡᠨ ᠵᠠᠰᠠᠬᠤ | ᠣᠷᠣᠨ ᠤ ᠳᠡᠰ ᠤᠨ ᠰᠢᠨ᠎ᠡ ᠶᠢ ᠡᠬᠦᠳᠬᠦ ᠬᠡᠯᠪᠡᠷᠢ ᠪᠠ ︽ᠲᠣᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠭᠳᠣ᠂ | ᠰᠢᠨ᠎ᠡ ᠶᠢ ᠡᠬᠦᠳᠬᠦ︾ ᠬᠡᠯᠪᠡᠷᠢ ᠶᠢᠨ ᠲᠣᠮᠳᠠ᠂ ᠵᠢᠵᠢᠭ ᠠᠵᠣ ᠠᠬᠤᠶᠢᠯᠠᠯ ᠰᠢᠨ᠎ᠡ ᠪᠠᠷ ᠨᠡᠮᠡᠭᠳᠡᠪᠡ᠃ | ◇ ᠭᠤᠷᠪᠠᠳᠣᠭᠠᠷ ᠠᠵᠣ ᠦᠢᠯᠡᠰ ᠤᠨ ᠲᠠᠯ᠎ᠠ ᠪᠠᠷ | ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠣᠭᠰᠠᠨ | ᠬᠡᠮᠵᠢᠶ᠎ᠡ 1.26 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ | ᠨᠠᠭᠠᠳᠣᠮ · ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ | ᠬᠦᠷᠢᠶᠡᠯᠡᠩ ᠢ ᠤᠯᠤᠰ ᠤᠨ 3A ᠲᠠᠰ ᠤᠨ ᠦᠵᠡᠮᠵᠢ ᠶᠢᠨ ᠣᠷᠣᠨ ᠢᠶᠠᠷ ᠡᠬᠦᠳᠦᠨ ᠪᠠᠶᠢᠭᠤᠯᠪᠠ᠃ | ᠮᠣᠩᠭᠤᠯ ᠮᠣᠷᠢᠨ ᠤ ᠬᠤᠯᠪᠣᠭᠠᠳᠣ ᠣᠷᠣᠯᠳᠣᠭᠠᠨ ᠤ ᠵᠡᠬᠦᠨ ᠦᠵᠦᠮᠦᠴᠢᠨ ᠤ ᠰᠢᠢᠳᠪᠦᠷᠢᠲᠦ ᠤᠷᠤᠯᠳᠤᠭᠠᠨ᠂ | ︽ᠮᠢᠩᠭᠠᠨ ᠭᠠᠵᠠᠷ ᠤᠨ ᠬᠢᠯᠢ · ᠲᠦᠷᠪᠡᠨ ᠴᠠᠭ ᠤᠨ ᠦᠵᠦᠮᠦᠴᠢᠨ︾ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠵᠤ᠂ ᠪᠦᠬᠦ ᠵᠢᠯ ᠤᠨ ᠵᠤᠭᠠᠴᠠᠭᠰᠠᠳ ᠤᠨ ᠲᠤᠭ᠎ᠠ 29.02 ᠲᠦᠮᠡᠨ ᠬᠦᠮᠦᠨ ᠤᠳᠠᠭ᠎ᠠ ᠳᠤ | ᠬᠦᠷᠴᠦ᠂ ᠵᠤᠭᠠᠴᠠᠯ ᠤᠨ ᠤᠷᠤᠯᠭ᠎ᠠ 1.59 ᠳ᠋ᠦᠩᠰᠢᠭᠤᠷ ᠲᠦᠭᠦᠷᠢᠭ ᠲᠤ ᠬᠦᠷᠪᠡ᠃ | ᠨᠢᠭᠡ ᠵᠢᠯ ᠤᠨ ᠲᠣᠷᠰᠢ᠂ ᠪᠢᠳᠡ ᠠᠮᠢ ᠠᠬᠤᠢ ᠶᠢ ᠬᠠᠮᠠᠭᠠᠯᠠᠬᠤ ᠳᠤ ᠬᠦᠴᠦ ᠳᠠᠯᠪᠢᠵᠣ᠂ ᠠᠮᠢ ᠠᠬᠤᠢ ᠶᠢᠨ | ᠬᠠᠯᠬᠠᠪᠴᠢ ᠶᠢ ᠪᠠᠬᠢᠵᠢᠬᠦᠯᠪᠡ | ᠨᠤᠲᠤᠭ ᠪᠡᠯᠴᠢᠭᠡᠷ ᠤᠨ ᠠᠮᠢ ᠠᠬᠤᠶ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠬᠤ᠂ ᠪᠡᠯᠴᠢᠭᠡᠷ ᠰᠡᠷᠬᠦᠭᠡᠬᠦ᠂ ᠪᠡᠯᠴᠢᠭᠡᠷᠯᠡᠬᠦᠯᠬᠦ | ᠶᠢ ᠴᠠᠭᠠᠵᠠᠯᠠᠬᠤ ᠪᠠ ᠰᠡᠯᠬᠦᠨ ᠮᠠᠯᠵᠢᠬᠤ ᠵᠡᠷᠭᠡ ᠲᠦᠷᠢᠮ ᠢ ᠪᠥᠬᠦ ᠲᠠᠯ᠎ᠠ ᠪᠠᠷ ᠬᠡᠷᠡᠭᠵᠢᠬᠦᠯᠪᠠ᠃ ︽ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠰᠣ ᠬᠦᠷᠦᠰᠣᠨ | ᠤ ᠠᠮᠢ ᠠᠬᠤᠢ ᠶᠢ ᠬᠠᠮᠠᠭᠠᠯᠠᠵᠣ᠂ ᠠᠭᠠᠷ ᠤᠨ ᠴᠢᠨᠠᠷ ᠤᠨ ᠶᠡᠷᠣᠩᠭᠡᠢ ᠵᠢᠭᠠᠯᠲᠠ ᠲᠤᠭ᠎ᠠ ᠪᠥᠬᠦ ᠣᠷᠣᠨ ᠳᠤ | ᠲᠦᠷᠦᠭᠦᠯᠡᠪᠠ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠣᠨ᠂ 18.62 ᠲᠦᠮᠡᠨ ᠮᠥ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠦ᠂ 176 ᠲᠦᠮᠡᠨ ᠮᠥ | ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠪᠠ 238 ᠲᠦᠮᠡᠨ ᠮᠥ ᠪᠡᠯᠴᠢᠭᠡᠷ ᠤᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠪᠠ᠃ 3.02 ᠲᠡᠭᠰᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠣᠷᠣᠨ ᠢ ᠴᠡᠭᠴᠡᠯᠡᠨ ᠵᠠᠰᠠᠬᠤ | ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠬᠤ ᠳᠤ ᠬᠦᠴᠦ | ᠳᠠᠯᠪᠢᠵᠣ᠂ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠪᠡ | 12345 ᠬᠠᠯᠠᠮᠰᠢᠯ ᠤᠲᠠᠰᠤ ᠪᠠᠷ ᠣᠯᠠᠨ ᠲᠦᠮᠡᠨ ᠤ ᠲᠣᠰᠬᠠᠭᠰᠠᠨ ᠠᠰᠠᠭᠤᠳᠠᠯ ᠢ ᠨᠡᠶᠢᠲᠡ 7174 | ᠬᠤᠪᠢ ᠭᠥᠯᠢᠶᠡᠨ ᠠᠪᠴᠣ᠂ ᠭᠦᠢᠴᠡᠳᠭᠡᠭᠰᠡᠨ ᠨᠣᠷᠮ᠎ᠠ ᠪᠠ ᠬᠠᠨᠣᠮᠵᠢ ᠶᠢᠨ ᠬᠡᠮᠵᠢᠶ᠎ᠡ ᠨᠢ ᠲᠣᠰᠪᠣᠷᠢ 98.6% ᠪᠠ | 99.4% ᠳᠤ ᠬᠥᠷᠪᠡ᠃ | ᠵᠡᠭᠦᠨ ᠬᠠᠲᠠᠪᠴᠢ ᠪᠣᠭᠤᠮᠲᠠ ᠶᠢᠨ ︽ᠲᠦᠷᠪᠡᠨ ᠣᠷᠣᠬᠤ ᠵᠠᠮ᠂ ᠬᠤᠶᠠᠷ ᠭᠠᠷᠬᠤ ᠵᠠᠮ︾ ᠤᠨ ᠪᠠᠷᠠᠭᠠᠨ ᠤ | ᠳᠡᠭᠡᠭᠡᠪᠦᠷᠢ ᠶᠢᠨ ᠵᠠᠮ᠂ ᠣᠶᠣᠨᠳᠣ ᠪᠠᠶᠢᠴᠠᠭᠠᠯᠲᠠ ᠶᠢᠨ ᠭᠠᠵᠠᠷ᠂ H986 ᠪᠠᠷᠠᠭ᠎ᠠ ᠲᠡᠭᠡᠭᠡᠪᠦᠷᠢᠯᠡᠬᠦ ᠵᠠᠮ ᠵᠢᠴᠢ | ᠢᠵᠢ ᠪᠦᠷᠢᠳᠦᠭᠰᠡᠨ ᠪᠠᠶᠢᠴᠠᠭᠠᠯᠲᠠ ᠶᠢᠨ ᠲᠦᠬᠦᠭᠡᠷᠦᠮᠵᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠡ᠃ | | ᠪᠦᠬᠦ ᠵᠢᠯ ᠳᠤ ᠬᠢᠯᠢ ᠪᠠᠷ ᠵᠣᠷᠴᠢᠭᠰᠠᠨ ᠠᠶᠠᠨᠴᠢᠳ 2.95 ᠲᠦᠮᠡᠨ ᠬᠥᠮᠦᠨ ᠤᠳᠠᠭ᠎ᠠ ᠳᠤ ᠬᠦᠷᠴᠦ᠂ | ᠪᠠᠷᠠᠭᠠᠨ ᠤ ᠬᠡᠮᠵᠢᠶ᠎ᠡ 400 ᠲᠦᠮᠡᠨ ᠲᠣᠨ ᠢ ᠳᠠᠪᠠᠨ᠂ ᠲᠡᠮᠦᠷ ᠵᠠᠮ ᠢᠶᠠᠷ ᠭᠠᠳᠠᠭᠠᠳᠣ ᠳᠤ ᠭᠠᠷᠭᠠᠭᠰᠠᠨ ᠬᠡᠮᠵᠢᠶ᠎ᠡ | 300 ᠲᠦᠮᠡᠨ ᠲᠣᠨ ᠢ ᠳᠠᠪᠠᠵᠤ᠂ ᠪᠦᠬᠦᠨ ᠢᠶᠠᠷ ᠢᠶᠠᠨ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠪᠣᠭᠤᠮᠳᠠ ᠪᠠᠷ ᠣᠷᠣᠭᠤᠯᠵᠤ ᠭᠠᠷᠭᠠᠭᠰᠠᠨ ᠠᠷᠠᠯᠵᠢᠶᠠᠨ ᠤ ᠦᠷᠳᠡᠭ 41 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠪᠡ᠃ | ᠨᠢᠭᠡ ᠵᠢᠯ ᠤᠨ ᠲᠣᠷᠰᠢ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ | ᠳᠠᠯᠪᠢᠵᠣ᠂ ᠣᠷᠣᠰᠢᠨ ᠰᠠᠭᠤᠬᠤ ᠳᠤ ᠲᠤᠬᠢᠷᠠᠮᠵᠢᠲᠠᠢ ᠪᠣᠯᠭᠠᠨ ᠦᠭᠡᠷᠡᠴᠢᠯᠡᠪᠡ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠲᠥᠷᠥᠯ ᠵᠦᠢᠯ ᠢ 20 ᠶᠢ ᠰᠢᠨ᠎ᠡ ᠪᠠᠷ ᠬᠡᠷᠡᠭᠵᠢᠭᠦᠯᠵᠦ᠂ ᠭᠡᠷ ᠪᠦᠯᠢ ᠶᠢᠨ ᠮᠠᠯᠵᠢᠯ ᠤᠨ | ᠲᠠᠯᠠᠪᠠᠶ ᠶᠢᠨ ᠲᠠᠭᠤᠷᠢᠶᠠᠯ ᠡᠷᠦᠬᠡ 50 ᠳᠤ ᠬᠦᠷᠪᠡ᠃ | ᠪᠦᠬᠦ ᠵᠢᠯ ᠳᠤ 103 ᠬᠤᠳᠳᠤᠭ ᠢ ᠰᠢᠨ᠎ᠡ ᠪᠠᠷ ᠮᠠᠯᠳᠠᠵᠣ᠂ 7 ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ ᠰᠡᠯᠪᠢᠨ ᠵᠠᠰᠠᠪᠠ᠃ | 9 ᠰᠤᠮᠤ ᠪᠠᠯᠭᠠᠰᠤᠨ ᠤ ᠬᠤᠭ ᠨᠣᠪᠰᠢ ᠶᠢ ᠰᠢᠲᠠᠭᠠᠨ ᠰᠢᠢᠳᠪᠦᠷᠢᠯᠡᠬᠦ ᠦᠷᠳᠡᠭᠡ ᠶᠢ ᠪᠦᠬᠦᠨ ᠢ | ᠠᠰᠢᠭᠯᠠᠯᠲᠠ ᠳᠤ ᠣᠷᠣᠭᠤᠯᠪᠠ᠃ | 39 ᠴᠢᠮᠡᠭᠡ ᠬᠤᠯᠪᠣᠭᠠᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 94 ᠮᠠᠯᠵᠢᠬᠤ ᠡᠷᠦᠬᠡ ᠳᠤ ᠪᠠᠶᠢᠩᠭᠤ | ᠶᠢᠨ ᠴᠠᠬᠢᠯᠭᠠᠨ ᠨᠡᠪᠳᠡᠷᠡᠬᠦᠯᠦᠨ᠂ 86 ᠰᠠᠤᠷᠢ ᠬᠦᠴᠦᠳᠡᠯ ᠥᠭᠡᠷᠡᠴᠢᠯᠡᠭᠴᠢ ᠶᠢᠨ ᠪᠠᠭᠳᠠᠭᠠᠮᠵᠢ ᠶᠢ ᠨᠡᠮᠡᠭᠳᠡᠬᠦᠯᠵᠣ᠂ | 1277 ᠡᠷᠦᠬᠡ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠰᠢᠨᠡᠳᠭᠡᠪᠡ᠃ | ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠳᠣᠭᠳᠠᠭᠰᠠᠨ ᠴᠠᠭ ᠲᠤ ᠪᠠᠨ ᠪᠡᠶᠡᠯᠡᠬᠦᠯᠦᠨ᠂ 12.4 | ᠺᠢᠯᠦᠮᠧᠲᠷ ᠲᠣᠯᠠᠭᠠᠯᠠᠯᠭ᠎ᠠ ᠬᠠᠩᠭᠠᠬᠤ ᠬᠤᠭᠤᠯᠠᠢ ᠶᠢ ᠵᠠᠰᠠᠨ ᠰᠠᠶᠢᠵᠢᠷᠠᠭᠤᠯᠵᠣ᠂ 3 ᠢᠯᠴᠢ ᠬᠠᠩᠭᠠᠬᠤ ᠦᠷᠳᠡᠭᠡ ᠶᠢ | ᠳᠡᠰ ᠳᠡᠪᠰᠢᠬᠦᠯᠦᠨ᠂ ᠲᠦᠪᠯᠡᠷᠡᠭᠦᠯᠦᠨ ᠲᠣᠯᠠᠭᠠᠯᠠᠯᠭ᠎ᠠ ᠬᠠᠩᠭᠠᠬᠤ ᠴᠢᠳᠠᠪᠣᠷᠢ 310 ᠲᠦᠮᠡᠨ ᠺᠦᠸᠠᠲ ᠮᠧᠲᠷ ᠲᠤ | ᠬᠦᠷᠪᠡ᠃ | ᠨᠢᠭᠡ ᠵᠢᠯ ᠤᠨ ᠲᠣᠷᠰᠢ᠂ ᠪᠢᠳᠡ ᠠᠷᠠᠳ ᠤᠨ ᠪᠠᠶᠢᠳᠠᠯ ᠢ ᠣᠶᠢᠯᠠᠭᠠᠵᠣ᠂ ᠠᠷᠠᠳ ᠤᠨ ᠰᠠᠨᠠᠯ ᠢ ᠰᠣᠨᠣᠰᠬᠤ | ᠳᠤ ᠬᠦᠴᠦ ᠳᠠᠯᠪᠢᠵᠣ᠂ ᠠᠷᠠᠳ ᠤᠨ ᠠᠮᠢᠳᠣᠷᠠᠯ ᠤᠨ ᠶᠠᠰᠣ ᠴᠢᠨᠡᠷ ᠦᠷ᠎ᠡ ᠪᠦᠳᠦᠮᠵᠢ ᠶᠢ ᠳᠡᠭᠡᠭᠰᠢᠯᠡᠬᠦᠯᠪᠠ | ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠣ᠂ ᠵᠢᠯ ᠳᠤ 4 ᠰᠤᠷᠭᠠᠭᠤᠯᠢ ᠶᠢᠨ | ᠵᠢᠭᠠᠨ ᠰᠣᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ 39 ᠪᠠᠭᠰᠢ | ᠡᠯᠰᠡᠵᠣ᠂ ᠡᠯ᠎ᠡ ᠲᠦᠷᠦᠯ ᠤᠨ ᠪᠣᠯᠪᠠᠰᠣᠷᠠᠯ ᠢ 40 ᠭᠠᠷᠤᠶ ᠤᠳᠠᠭ᠎ᠠ ᠡᠷᠬᠢᠯᠡᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ︽ᠡᠷᠡᠭᠦᠯ ᠡᠩᠬᠡ ᠵᠡᠭᠦᠨ ᠦᠵᠦᠮᠦᠴᠢᠨ︾ ᠤ ᠪᠠᠶᠢᠭᠤᠯᠤᠯᠲᠠ ᠶᠢ ᠠᠭᠢᠭᠤᠯᠵᠣ᠂ ᠠᠶᠢᠮᠠᠭ ᠤᠨ ᠡᠮᠨᠡᠯᠭᠡ ᠶᠢᠨ | ᠬᠤᠷᠢᠶ᠎ᠠ ᠲᠠᠢ ︽ᠬᠠᠮᠳᠣᠷᠠᠭᠰᠠᠨ ᠡᠮᠨᠡᠯᠭᠡ ᠶᠢᠨ ᠬᠤᠷᠢᠶ᠎ᠠ︾ ᠪᠠᠶᠢᠭᠤᠯᠣᠨ᠂ ᠨᠡᠶᠢᠲᠡ 18 ᠪᠦᠯᠦᠭ ᠤᠨ 38 | ᠲᠤᠰᠬᠠᠶ ᠮᠡᠷᠭᠡᠵᠢᠯᠲᠡᠨ ᠢ ᠣᠷᠢᠨ ᠡᠮᠴᠢᠯᠡᠬᠦᠯᠵᠣ᠂ ᠣᠷᠣᠨ ᠨᠣᠳᠤᠭ ᠤᠨ ᠬᠡᠪᠴᠢᠶᠡᠨ ᠳᠤ ᠡᠮᠴᠢᠯᠡᠬᠦᠯᠦᠭᠰᠡᠨ ᠨᠣᠷᠮ᠎ᠠ | 70% ᠳᠤ ᠬᠥᠷᠪᠡ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠡᠰᠡ | ᠵᠠᠰᠠᠯ ᠤᠨ ᠲᠠᠰᠤᠭ ᠠᠰᠢᠭᠯᠠᠯᠲᠠ ᠳᠤ ᠣᠷᠣᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮ ᠨᠠᠶᠢᠷᠠᠬᠤ | ᠲᠠᠰᠤᠭ ᠤᠨ ᠲᠥᠷᠥᠯ ᠵᠦᠢᠯ ᠨᠢ ᠬᠢᠨᠠᠨ ᠰᠢᠯᠭᠠᠯᠲᠠ ᠶᠢ ᠦᠩᠭᠡᠷᠡᠬᠦᠯᠪᠠ᠃ | ᠪᠦᠬᠦ ᠵᠢᠯ ᠳᠤ 3500 ᠠᠵᠢᠯ ᠤᠨ ᠪᠠᠶᠢᠷᠢ ᠴᠣᠭᠯᠠᠭᠤᠯᠣᠨ᠂ 424 ᠠᠵᠢᠯ ᠤᠨ ᠪᠠᠶᠢᠷᠢ ᠬᠠᠩᠭᠠᠵᠤ᠂ | 692 ᠲᠦᠮᠡᠨ ᠲᠥᠭᠦᠷᠢᠭ ᠤᠨ ᠦᠢᠯᠡᠰ ᠪᠣᠰᠬᠠᠬᠤ ᠳᠠᠭᠠᠭᠠᠯᠲᠠᠲᠣ ᠵᠢᠭᠡᠯᠡᠯᠭᠡ ᠲᠠᠷᠬᠠᠭᠠᠪᠠ᠃ | ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠦᠩᠭᠦ᠂ ᠲᠦᠷ ᠴᠠᠭ ᠤᠨ ᠠᠪᠤᠷᠠᠨ | ᠲᠤᠰᠠᠯᠠᠬᠤ ᠮᠦᠩᠭᠦ᠂ ᠥᠨᠳᠥᠷ ᠨᠠᠰᠣᠨ ᠤ ᠨᠥᠬᠦᠪᠥᠷᠢ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ | ᠮᠥᠩᠭᠦ ᠶᠢ 1547.2 ᠲᠦᠮᠡᠨ ᠲᠥᠭᠦᠷᠢᠭ ᠲᠠᠷᠬᠠᠭᠠᠪᠠ᠃ | ᠪᠥᠬᠦ ᠣᠷᠣᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠭ᠎ᠠ | ᠰᠣᠯᠢᠯᠴᠠᠬᠤ ᠬᠤᠷᠠᠯ ᠢ ᠳᠠᠭᠠᠭᠠᠴᠢᠯᠠᠨ ᠡᠷᠭᠢᠯᠡᠵᠦ᠂ ︽ᠠᠶᠠᠨ︾ ᠨᠠᠰᠣᠳᠠᠶᠢᠴᠣᠳ ᠢ ᠠᠰᠠᠷᠠᠬᠤ ᠬᠦᠷᠢᠶᠡᠯᠡᠩ ᠤᠨ | ᠠᠰᠢᠭᠯᠠᠯᠲᠠ ᠶᠢᠨ ᠨᠣᠷᠮ᠎ᠠ 100% ᠳᠤ ᠬᠦᠷᠪᠡ᠃ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠴᠠᠭᠠᠨ ᠰᠤᠪᠤᠷᠭ᠎ᠠ ᠨᠡᠶᠢᠲᠡ ᠶᠢᠨ ᠣᠩᠭᠤᠨ | ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ | 3 ᠣᠷᠣᠨ ᠤ ᠲᠠᠰ᠂ 10 ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ ᠢ ᠡᠷᠡᠮᠡᠯᠵᠡᠯᠡᠨ ᠣᠯᠵᠦ᠂ 12 ᠪᠣᠳᠠᠰ ᠤᠨ ᠪᠤᠰᠤ ᠰᠣᠶᠣᠯ ᠤᠨ ᠥᠪ ᠤᠯᠠᠮᠵᠢᠯᠠᠭᠴᠢ ᠶᠢ ᠲᠣᠭᠲᠠᠭᠠᠪᠠ᠃ | ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠬᠤ ᠵᠡᠷᠭᠡ ᠡᠯ᠎ᠡ ᠲᠦᠷᠦᠯ ᠤᠨ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠢ ᠤᠳᠠᠭ᠎ᠠ ᠥᠷᠨᠢᠭᠦᠯᠪᠡ᠃ | ᠨᠢᠭᠡ ᠵᠢᠯ ᠤᠨ ᠲᠣᠷᠰᠢ᠂ ᠪᠢᠳᠡ ᠠᠮᠣᠷ ᠳᠣᠭᠳᠠᠭᠤᠨ ᠢ ᠬᠠᠮᠠᠭᠠᠯᠠᠬᠤ ᠳᠤ ᠬᠦᠴᠦ ᠳᠠᠯᠪᠢᠵᠣ᠂ ᠪᠦᠯᠬᠦᠮᠳᠡᠯ ᠢ | ᠠᠬᠢᠭᠤᠯᠵᠣ ᠠᠮᠤᠷ ᠲᠦᠪᠰᠢᠨ ᠢ ᠪᠠᠲᠤᠯᠠᠪᠡ | ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ ᠳᠠᠯᠳᠠ ᠭᠡᠮ ᠢ 2518 ᠬᠤᠪᠢ ᠪᠠᠶᠢᠴᠠᠭᠠᠨ | ᠢᠯᠡᠷᠡᠬᠦᠯᠵᠣ ᠴᠡᠭᠴᠡᠯᠡᠨ ᠰᠠᠶᠢᠵᠢᠷᠠᠭᠤᠯᠪᠠ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠠᠣᠯᠢ ᠳᠦᠷᠢᠮᠵᠢᠬᠦᠯᠬᠦ ᠪᠠ ᠣᠷᠣᠯᠠᠨ ᠭᠦᠢᠴᠡᠳᠭᠡᠬᠦ | ᠠᠵᠢᠯ ᠢ ᠪᠦᠲᠦᠮᠵᠢᠲᠡᠶ ᠠᠬᠢᠭᠤᠯᠵᠤ᠂ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠬᠢᠭᠰᠡᠨ ᠤᠳᠠᠭ᠎ᠠ ᠠᠳᠠᠯᠢ | ᠬᠤᠭᠤᠴᠠᠭᠠᠨ ᠤ ᠬᠢ ᠠᠴᠠ 46.7% ᠪᠠᠷ ᠪᠠᠭᠤᠷᠠᠪᠠ᠃ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠰᠢᠯᠭᠠᠨ | ᠠᠪᠬᠤ ᠦᠵᠡᠭᠦᠯᠦᠯᠭᠡ ᠶᠢᠨ ᠴᠡᠭ ᠢ 3 ᠶᠢ ᠪᠠᠶᠢᠭᠤᠯᠪᠠ᠃ | ︽ᠨᠠᠢᠮᠠᠨ ᠨᠢᠭᠡ︾ ᠶᠢᠨ ᠪᠠᠷᠢᠮᠵᠢᠶ᠎ᠠ ᠪᠠᠷ ︽ᠨᠠᠢᠮᠠ ᠳᠤ ᠬᠦᠷᠭᠡᠬᠦ︾ ᠵᠢᠱᠢᠶ᠎ᠡ ᠦᠵᠡᠭᠦᠯᠬᠦ ᠴᠡᠭ ᠢ 10 ᠶᠢ | ᠪᠠᠶᠢᠭᠤᠯᠪᠠ᠃ | ᠨᠠᠮ ᠵᠠᠰᠠᠭ᠂ ᠴᠡᠷᠢᠭ ᠴᠠᠭᠳᠠᠭ᠎ᠠ᠂ ᠠᠷᠠᠳ ᠲᠦᠮᠡᠨ ᠪᠠ ᠠᠵᠤ ᠠᠬᠤᠶᠢᠯᠠᠯ ᠬᠠᠮᠳᠣᠷᠠᠨ ᠬᠢᠯᠢ ᠶᠢᠨ | ᠰᠡᠷᠭᠡᠶᠢᠯᠡᠯᠲᠡ ᠶᠢ ᠪᠠᠳᠣᠳᠬᠠᠵᠣ᠂ ᠠᠮᠣᠷ ᠳᠣᠭᠳᠠᠭᠤᠨ ᠢ ᠬᠠᠮᠠᠭᠠᠯᠠᠨ᠂ ᠬᠠᠳᠠᠪᠴᠢ ᠪᠠᠯᠭᠠᠰᠤ ᠨᠢ ᠪᠦᠬᠦ ᠤᠯᠤᠰ ᠤᠨ | ᠨᠢᠭᠡᠳᠣᠭᠡᠷ ᠪᠦᠯᠦᠭ ᠤᠨ ᠠᠮᠣᠭᠤᠯᠠᠩᠳᠣ ᠬᠢᠯᠢ ᠶᠢᠨ ᠵᠢᠱᠢᠶᠡᠴᠢ ᠪᠠᠯᠭᠠᠰᠤ ᠪᠠᠷ ᠦᠨᠡᠯᠡᠭᠳᠡᠪᠡ᠃ | ᠨᠢᠭᠡ ᠵᠢᠯ ᠤᠨ ᠲᠣᠷᠰᠢ᠂ ᠪᠢᠳᠡ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠬᠦᠴᠦ | ᠳᠠᠯᠪᠢᠵᠣ᠂ ᠬᠡᠪ ᠰᠣᠷᠳᠠᠯ ᠢ ᠰᠠᠶᠢᠵᠢᠷᠠᠭᠤᠯᠣᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠪᠡ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ᠂ ᠡᠯ᠎ᠡ ᠬᠦᠷᠢᠶ᠎ᠡ ᠬᠡᠪᠴᠢᠶᠡᠨ ᠳᠤ ᠲᠤᠤᠱᠯᠠᠭᠤᠯᠬᠤ ᠶᠢ ᠢᠮᠠᠭᠲᠠ ᠪᠠᠷᠢᠮᠲᠠᠯᠠᠪᠠ᠃ | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠨ ᠤ | ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ 87 ᠬᠤᠪᠢ ᠠᠷᠠᠳ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ 62 | ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ | ᠬᠤᠭᠤᠴᠠᠭᠠᠨ ᠳᠤ ᠭᠦᠢᠴᠡᠳᠬᠡᠪᠡ᠃ | ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠫᠢᠶᠣᠣ ᠦᠭᠴᠦ ᠪᠠᠲᠤᠯᠠᠭᠰᠠᠨ 4 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠢ ᠢᠳᠡᠪᠬᠢᠲᠠᠢ ᠪᠡᠶᠡᠯᠡᠭᠦᠯᠪᠡ᠃ | ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ | ᠵᠠᠷᠤᠯᠭ᠎ᠠ ᠶᠢ ᠶᠡᠬᠡᠪᠡᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠵᠢᠯ ᠳᠠᠷᠠᠭᠠᠯᠠᠨ ᠪᠠᠭᠠᠰᠪᠠ᠃ | 2025 ᠣᠨ ᠤ ᠠᠵᠢᠯ ᠤᠨ ᠪᠠᠶᠢᠷᠢᠯᠠᠭᠤᠯᠣᠯᠲᠠ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ | ᠵᠢᠯ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠣᠭᠳᠠᠭᠠᠬᠤ ᠵᠢᠯ ᠮᠥᠨ | ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ | ○ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.3% ᠣᠷᠴᠢᠮ | ○ᠡᠩ ᠤᠨ ᠴᠢᠨᠡᠷᠲᠡᠢ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 21.6% ᠣᠷᠴᠢᠮ | ○ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ | ○ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠬᠤ ᠶᠡᠷᠦᠩᠬᠡᠢ ᠬᠡᠮᠵᠢᠶ᠎ᠡ ᠶᠢ 2% ᠣᠷᠴᠢᠮ | ᠨᠡᠮᠡᠭᠳᠡᠭᠦᠯᠵᠦ | ○ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ | ᠳᠤᠮᠳᠠᠴᠢ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ | ᠡᠨᠡ ᠵᠢᠯ ᠳᠤᠤᠷᠠᠬᠢ 7 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ( ᠨᠢᠭᠡ)ᠠᠮᠢ ᠠᠬᠤᠢ ᠶᠢ ᠬᠠᠮᠠᠭᠠᠯᠠᠵᠤ᠂ ᠵᠠᠰᠠᠯᠲᠠ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠪᠣᠬᠢᠷᠲᠤᠯ | ᠥᠬᠡᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠪᠣᠢ ᠪᠣᠯᠭᠠᠨ᠎ᠠ | ◇ᠤᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢ ᠨᠡᠮᠡᠭᠳᠡᠭᠦᠯᠦᠨ᠎ᠡ | ◇ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ | ◇ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | (ᠬᠤᠶᠠᠷ)ᠠᠵᠤ ᠦᠢᠯᠡᠰ ᠢ ᠬᠦᠴᠦᠷᠬᠡᠭᠵᠢᠭᠦᠯᠵᠤ᠂ ᠪᠦᠲᠦᠴᠡ ᠶᠢ ᠲᠣᠬᠢᠷᠠᠭᠤᠯᠬᠤ ᠶᠢ ᠪᠠᠷᠢᠮᠲᠠᠯᠠᠵᠤ᠂ | ᠪᠣᠳᠠᠲᠤ ᠴᠣᠭᠴᠠ ᠶᠢᠨ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠨ᠎ᠠ | ◇ᠣᠳᠣ ᠦᠶ᠎ᠡ ᠶᠢᠨ ᠮᠠᠯ ᠠᠵᠤ ᠠᠬᠤᠢ ᠶᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ | ◇ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠭᠡᠵᠦ ᠦᠷ᠎ᠡ ᠠᠰᠢᠭ ᠢ | ᠨᠡᠮᠡᠭᠳᠡᠭᠦᠯᠦᠨ᠎ᠡ | ◇ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠦᠨ ᠬᠦᠭᠵᠢᠭᠦᠯᠦᠨ᠎ᠡ | (ᠭᠤᠷᠪᠠ)ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ | ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ | ◇ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢ ᠴᠢᠩᠭᠠᠳᠬᠠᠨ᠎ᠠ | ◇ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠭᠡᠨ᠎ᠡ | ◇ᠪᠣᠭᠤᠮᠲᠠ ᠶᠢᠨ ᠬᠦᠭᠵᠢᠯᠲᠡ ᠶᠢ ᠭᠤᠶᠢᠪᠢᠰᠢ ᠦᠭᠡᠢ ᠪᠡᠶᠡᠯᠡᠭᠦᠯᠦᠨ᠎ᠡ | ◇ᠦᠢᠯᠡᠴᠢᠯᠡᠭᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠨ᠎ᠠ | ◇ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠴᠢᠩᠭᠠᠳᠬᠠᠨ᠎ᠠ | (ᠳᠥᠷᠪᠡ)ᠰᠠᠭᠤᠷᠢ ᠶᠢ ᠪᠠᠬᠢᠵᠢᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ | ᠬᠤᠲᠠ ᠬᠥᠳᠡᠭᠡ ᠶᠢ ᠠᠭᠤᠰᠤᠯᠴᠠᠭᠤᠯᠤᠨ ᠬᠦᠭᠵᠢᠭᠦᠯᠬᠦ ᠰᠢᠨ᠎ᠡ ᠪᠠᠶᠢᠷᠢᠰᠢᠯ ᠢ ᠪᠣᠢ ᠪᠣᠯᠭᠠᠨ᠎ᠠ | ◇ᠲᠤᠬᠢᠯᠢᠭ ᠲᠠᠭᠠᠲᠠᠢ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ | ◇ᠬᠥᠳᠡᠭᠡ ᠲᠣᠰᠬᠤᠨ ᠤ ᠦᠨᠳᠦᠰᠦᠨ ᠴᠢᠳᠠᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ | ◇ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ | ᠠᠬᠢᠭᠤᠯᠤᠨ᠎ᠠ | ︵ᠲᠠᠪᠤ︶ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠠᠵᠠ ᠵᠢᠷᠭᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ | ᠨᠡᠶᠢᠭᠡᠮ ᠤᠨ ᠠᠵᠤ ᠦᠢᠯᠡᠰ ᠤᠨ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ | ◇ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ | ◇ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ | ◇ᠰᠤᠶᠤᠯ ᠤᠨ ᠦᠢᠯᠡᠰ ᠢ ᠢᠳᠡᠪᠬᠢᠲᠡᠢ ᠬᠦᠭᠵᠢᠭᠦᠯᠦᠨ᠎ᠡ | ︵ᠵᠢᠷᠭᠤᠭ᠎ᠠ︶ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠪᠠᠷᠢᠮᠲᠠᠯᠠᠵᠤ᠂ ᠨᠡᠶᠢᠭᠡᠮ ᠤᠨ ᠠᠮᠤᠷ ᠲᠤᠭᠲᠠᠭᠤᠨ ᠢ ᠬᠠᠮᠠᠭᠠᠯᠠᠨ᠎ᠠ | ◇ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ᠎ᠡ | ◇ ᠤᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠎ᠠ | ◇ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠨ᠎ᠠ | ︵ᠳᠤᠯᠤᠭ᠎ᠠ︶ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠠᠷᠠᠳ ᠤᠨ ᠵᠠᠰᠠᠭ ᠤᠨ ᠣᠷᠳᠣᠨ ᠤ ᠰᠢᠨ᠎ᠡ ᠠᠮᠵᠢᠯᠲᠠ ᠶᠢ | ᠡᠭᠦᠳᠦᠨ᠎ᠡ | ◇ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠨ᠎ᠠ | ◇ ᠪᠣᠳᠠᠲᠠᠢ ᠶᠢ ᠡᠷᠬᠢᠮᠯᠡᠵᠦ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠨ᠎ᠠ | ◇ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠨ᠎ᠠ | ◇ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠨ᠎ᠠ | |