ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ | ᠪᠠᠶᠢᠯᠳᠤᠭᠴᠢᠳ ᠲᠤ ᠰᠠᠷ᠎ᠠ ᠰᠢᠨ᠎ᠡ ᠶᠢᠨ ᠰᠠᠶᠢᠨ ᠰᠠᠶᠢᠬᠠᠨ ᠢᠷᠦᠭᠡᠯ ᠵᠦᠩᠨᠡᠯ ᠳᠡᠪᠰᠢᠭᠦᠯᠦᠨ᠂ ᠭᠦᠨ ᠵᠤᠵᠠᠭᠠᠨ | ᠴᠡᠷᠢᠭ ᠠᠷᠠᠳ ᠤᠨ ᠬᠠᠶᠢᠷ᠎ᠠ ᠰᠡᠳᠬᠢᠯᠭᠡ ᠶᠢ ᠳᠡᠯᠭᠡᠨ ᠦᠵᠡᠭᠦᠯᠬᠦ ᠶᠢᠨ ᠲᠦᠯᠦᠭᠡ᠂ ᠬᠤᠰᠢᠭᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠰᠢᠭᠤ ᠤᠷᠠᠨ ᠵᠢᠷᠤᠭᠴᠢᠳ ᠤᠨ ᠨᠡᠶᠢᠭᠡᠮᠯᠢᠭ ᠠᠴᠠ ᠬᠠᠮᠵᠢᠨ | ᠡᠷᠭᠢᠯᠡᠭᠰᠡᠨ ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ︽ᠮᠢᠩᠭᠠᠨ ᠭᠠᠵᠠᠷ ᠤᠨ ᠠᠯᠲᠠᠨ ᠬᠢᠯᠢ ᠪᠠᠨ ᠴᠡᠷᠢᠭ | ᠠᠷᠠᠳ ᠬᠠᠮᠲᠤ ᠪᠠᠷ ᠴᠤᠭᠴᠠᠯᠠᠨ ᠪᠠᠶᠢᠭᠤᠯᠵᠤ ᠬᠤᠶᠠᠷ ᠢ ᠭᠦᠷᠢᠶᠡᠯᠡᠬᠦ ᠰᠢᠨ᠎ᠡ ᠬᠠᠭᠤᠳᠠᠰᠤ ᠶᠢ ᠳᠠᠬᠢᠨᠲᠠ ᠪᠢᠴᠢᠭᠯᠡᠶ᠎ᠡ︾ | ᠭᠡᠰᠡᠨ ᠬᠤᠶᠠᠷ ᠢ ᠭᠦᠷᠢᠶᠡᠯᠡᠬᠦ ᠰᠡᠳᠦᠪᠲᠦ ᠤᠷᠠᠨ ᠪᠦᠳᠦᠭᠡᠯ ᠤᠨ ᠥᠵᠡᠰᠭᠦᠯᠡᠩ ᠵᠢᠴᠢ ᠱᠠᠩᠨᠠᠯ ᠣᠯᠭᠤᠬᠤ | ᠶᠣᠰᠤᠯᠠᠯ 1 ᠰᠠᠷ᠎ᠠ ᠶᠢᠨ 23 ᠤ ᠡᠳᠦᠷ ᠦᠵᠦᠮᠦᠴᠢᠨ ᠮᠦᠽᠧᠢ ᠳᠤ ᠶᠠᠪᠤᠭᠳᠠᠵᠤ᠂ ᠳᠡᠳ᠋ ᠬᠤᠰᠢᠭᠤ ᠳᠠᠷᠤᠭ᠎ᠠ | ᠰᠡᠴᠡᠨ ᠶᠣᠰᠣᠯᠠᠯ ᠳᠤ ᠣᠷᠤᠯᠴᠠᠪᠠ᠃ | ᠤᠷᠠᠨ ᠪᠦᠳᠦᠭᠡᠯ ᠤᠨ ᠥᠵᠡᠰᠭᠦᠯᠡᠩ ᠳᠤ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ᠂ ᠭᠠᠷ | ᠤᠷᠠᠯᠠᠯ ᠵᠡᠷᠭᠡ ᠬᠤᠶᠠᠷ ᠢ ᠭᠦᠷᠢᠶᠡᠯᠡᠬᠦ ᠭᠤᠣᠯ ᠰᠡᠳᠦᠪᠲᠦ ᠪᠦᠲᠦᠭᠡᠯ ᠢ 60 ᠭᠠᠷᠤᠢ ᠳᠡᠯᠭᠡᠨ ᠦᠵᠡᠭᠦᠯᠵᠦ᠂ | ᠶᠣᠰᠣᠯᠠᠯ ᠠᠴᠠ ᠰᠢᠯᠢᠳᠡᠭ ᠪᠦᠳᠦᠭᠡᠯᠴᠢᠳ ᠲᠤ ᠱᠠᠩᠨᠠᠯ ᠣᠯᠭᠤᠨ᠂ ᠪᠠᠰᠠ ᠬᠠᠶᠢᠷ᠎ᠠ ᠬᠠᠯᠠᠮᠵᠢ ᠶᠢᠨ ᠠᠵᠤ | ᠠᠬᠤᠶᠢᠯᠠᠯ ᠳᠤ ︽ᠴᠡᠷᠢᠭ ᠢ ᠬᠦᠷᠢᠶᠡᠯᠡᠨ ᠬᠠᠷᠠᠭᠠᠯᠵᠠᠯ ᠦᠵᠡᠭᠦᠯᠬᠦ ᠬᠠᠮᠲᠤᠷᠠᠯᠴᠠᠭᠠᠨ ᠤ ᠨᠢᠭᠡᠴᠡ︾ ᠭᠡᠬᠦ ᠫᠠᠶᠢᠰᠠ | ᠣᠯᠭᠤᠵᠠᠢ᠃ | ᠬᠤᠶᠠᠷ ᠢ ᠭᠦᠷᠢᠶᠡᠯᠡᠬᠦ ᠰᠡᠳᠦᠪᠲᠦ ᠤᠷᠠᠨ ᠪᠦᠳᠦᠭᠡᠯ ᠤᠨ ᠥᠵᠡᠰᠭᠦᠯᠡᠩ ᠠᠴᠠ ᠡᠬᠡ ᠤᠯᠤᠰ ᠢᠶᠠᠨ | ᠬᠠᠮᠠᠭᠠᠯᠠᠵᠤ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠴᠡᠷᠢᠭ ᠢ ᠮᠠᠭᠲᠠᠨ ᠰᠠᠶᠢᠰᠢᠶᠠᠬᠤ ᠶᠢᠨ ᠬᠠᠮᠲᠤ᠂ ᠮᠠᠨ ᠤ | ᠬᠤᠰᠢᠭᠤᠨ ᠤ ᠠᠷᠠᠳ ᠤᠯᠠᠨ ᠤ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠢᠷᠠᠭᠤ ᠠᠯᠳᠠᠷᠲᠤ | ᠤᠯᠠᠮᠵᠢᠯᠠᠯ ᠢ ᠤᠯᠠᠮ ᠴᠢᠨᠠᠭᠰᠢᠳᠠ ᠳᠡᠯᠭᠡᠨ ᠦᠵᠡᠭᠦᠯᠵᠡᠢ᠃ |