ᠵᠡᠭᠦᠨ ᠦᠵᠦᠮᠦᠴᠢᠨ ᠬᠤᠰᠢᠭᠤ ᠤᠷᠢᠳᠴᠢᠯᠠᠨ ᠲᠥᠯᠥᠪᠯᠡᠵᠦ᠂ ᠨᠠᠷᠢᠨ ᠬᠢᠨᠠᠮᠠᠭᠠᠶ ᠪᠠᠶᠢᠷᠢᠯᠠᠭᠤᠯᠵᠤ᠂ ᠵᠡᠭᠦᠨ | ᠬᠠᠲᠠᠪᠴᠢ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠰᠢᠭᠤᠳ ᠨᠡᠪᠲᠡᠷᠡᠬᠦ ᠡᠮᠦᠨᠡᠬᠢ ᠬᠤᠭᠤᠴᠠᠭᠠᠨ ᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠬᠡᠪ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠤᠪᠤᠷᠠᠯ ᠢ | ᠡᠮᠬᠢᠯᠡᠨ᠂ ᠲᠣᠨᠤᠭ ᠲᠥᠬᠦᠭᠡᠷᠦᠮᠵᠢ ᠶᠢ ᠤᠭᠰᠠᠷᠠᠬᠤ ᠶᠢ ᠪᠠᠶᠢᠴᠠᠭᠠᠨ ᠰᠢᠯᠭᠠᠵᠤ᠂ ᠣᠲᠣ ᠶᠢᠨ ᠪᠠᠶᠢᠭ᠎ᠠ ᠤᠶᠤᠨᠲᠤ | ᠲᠥᠬᠦᠭᠡᠷᠦᠮᠵᠢ ᠶᠢ ᠲᠠᠰ ᠳᠡᠪᠰᠢᠭᠦᠯᠦᠨ᠂ ︽ᠡᠩ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠠᠴᠠ | ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ | ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠠᠵᠤ ᠠᠬᠤᠶᠢᠯᠠᠯ ᠢ ᠱᠠᠭᠠᠷᠳᠠᠵᠣ ᠪᠠᠷᠠᠭ᠎ᠠ ᠲᠡᠭᠡᠭᠡᠪᠦᠷᠢ ᠶᠢᠨ | ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠯᠭᠡᠨ᠂ ᠲᠡᠭᠡᠭᠡᠪᠦᠷᠢ ᠶᠢᠨ | ᠵᠥᠪᠰᠢᠶᠡᠷᠡᠯ ᠤᠨ ᠦᠨᠡᠮᠯᠡᠯ᠂ ᠤᠶᠤᠨᠲᠤ ᠪᠣᠭᠤᠮᠲᠠ ᠶᠢᠨ ᠢᠯᠭᠠᠨ ᠲᠠᠨᠢᠬᠤ ᠺᠠᠷᠲ ᠵᠢᠴᠢ ᠲᠡᠭᠡᠭᠡᠪᠦᠷᠢ ᠶᠢᠨ ᠲᠡᠷᠭᠡ | ᠬᠥᠰᠬᠡ ᠪᠠ ᠵᠢᠯᠣᠭᠤᠴᠢ ᠠᠶᠠᠨᠴᠢᠳ ᠢ ᠪᠦᠷᠢᠳᠬᠡᠨ ᠳᠠᠩᠰᠠᠯᠠᠭᠤᠯᠬᠤ ᠶᠢᠨ ᠬᠠᠮᠲᠤ ᠪᠣᠭᠤᠮᠲᠠ ᠪᠠᠷ ᠥᠩᠭᠡᠷᠡᠬᠦ ᠲᠠᠰ | ᠳᠠᠷᠠᠭᠠᠯᠠᠯ ᠪᠠ ᠬᠤᠯᠪᠣᠭᠳᠠᠯ ᠪᠥᠬᠦᠶ ᠱᠠᠭᠠᠷᠳᠠᠯᠭ᠎ᠠ ᠪᠠᠷ ᠬᠢᠯᠢ ᠪᠠᠷ ᠣᠷᠣᠵᠤ ᠭᠠᠷᠬᠤ ᠵᠢᠯᠣᠭᠤᠴᠢ ᠶᠢ | ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠳᠥᠭᠦᠮᠴᠢᠯᠡᠨ᠂ ᠭᠠᠷᠳᠠᠮ ᠢ | ᠳᠥᠭᠦᠮᠴᠢᠯᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2 ᠰᠠᠷ᠎ᠠ ᠶᠢᠨ 3 ᠤ ᠡᠳᠦᠷ | ᠬᠡᠪ ᠤᠨ ᠪᠠᠷᠠᠭ᠎ᠠ ᠲᠡᠭᠡᠭᠡᠪᠦᠷᠢᠯᠡᠬᠦ ᠪᠣᠭᠤᠮᠲᠠ ᠪᠠᠷ ᠥᠩᠭᠡᠷᠡᠬᠦ ᠶᠢ ᠰᠡᠷᠭᠦᠭᠡᠵᠦ᠂ ᠣᠲᠣ ᠪᠣᠯᠲᠠᠯ᠎ᠠ ᠭᠠᠳᠠᠭᠠᠳᠤ ᠠᠴᠠ | ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 5.91 ᠲᠦᠮᠡᠨ ᠲᠣᠨ ᠳᠤ ᠬᠦᠷᠪᠡ᠃ |