ᠬᠥᠬᠡᠬᠤᠲᠠ ᠪᠣᠭᠤᠮᠲᠠ ᠶᠢᠨ ᠬᠠᠷᠢᠶ᠎ᠠ ᠪᠦᠬᠦᠢ ᠵᠡᠭᠦᠨ ᠦᠵᠦᠮᠦᠴᠢᠨ ᠪᠣᠭᠤᠮᠲᠠ ᠶᠢᠨ 18 ᠤ ᠡᠳᠦᠷ ᠤᠨ | ᠮᠡᠳᠡᠭᠡ ᠳᠤ᠂ 2 ᠰᠠᠷ᠎ᠠ ᠶᠢᠨ 17 ᠤ ᠡᠳᠦᠷ ᠪᠣᠯᠲᠠᠯ᠎ᠠ᠂ ᠳᠤᠮᠳᠠᠳᠤ ᠮᠣᠩᠭᠤᠯ ᠤᠨ ᠵᠡᠭᠦᠨ ᠬᠠᠲᠠᠪᠴᠢ | ᠪᠣᠭᠤᠮᠲᠠ ᠶᠢᠨ ᠡᠨᠡ ᠵᠢᠯ ᠤᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 100 ᠲᠦᠮᠡᠨ ᠲᠣᠨ ᠢ ᠳᠠᠪᠠᠵᠤ᠂ ᠲᠡᠦᠬᠡ ᠶᠢᠨ ᠲᠡᠮᠳᠡᠭᠯᠡᠯ ᠢ ᠰᠢᠨᠡᠳᠬᠡᠪᠡ᠃ | ᠵᠡᠭᠦᠨ ᠬᠠᠲᠠᠪᠴᠢ ᠪᠣᠭᠤᠮᠲᠠ ᠳᠤᠮᠳᠠᠳᠤ ᠮᠣᠩᠭᠤᠯ ᠤᠨ ᠬᠢᠯᠢ ᠶᠢᠨ 1046 ᠨᠣᠮᠧᠷᠲᠤ ᠬᠢᠯᠢ ᠶᠢᠨ | ᠬᠥᠰᠢᠶ᠎ᠡ ᠶᠢᠨ ᠭᠠᠵᠠᠷ ᠲᠤ ᠪᠠᠶᠢᠷᠢᠯᠠᠵᠤ᠂ 2004 ᠣᠨ ᠳᠤ ᠣᠯᠠᠨ ᠤᠯᠤᠰ ᠤᠨ ᠴᠢᠨᠠᠷᠲᠠᠶ ᠪᠠᠶᠢᠩᠭᠤ ᠶᠢᠨ | ᠨᠡᠬᠡᠬᠡᠯᠲᠡᠳᠦ ᠪᠣᠭᠤᠮᠲᠠ ᠪᠠᠷ ᠲᠣᠭᠲᠠᠭᠠᠵᠤ᠂ 2009 ᠣᠨ ᠳᠤ ︽ᠯᠢᠶᠣᠤᠨᠢᠩ ᠤᠨ ᠲᠠᠯᠠᠢ ᠳᠠᠭᠠᠤ ᠠᠵᠤ | ᠠᠬᠤᠶ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠬᠢᠯᠢ ᠳᠤ ᠨᠡᠪᠲᠡᠷᠡᠨ ᠲᠡᠯᠡᠶ ᠳᠠᠭᠠᠤ | ᠣᠷᠤᠨ ᠳᠤ ᠬᠦᠷᠬᠦ ᠭᠤᠷᠪᠠᠨ ᠵᠠᠮ ᠤᠨ ᠨᠢᠭᠡ ᠪᠣᠯᠪᠠ᠃ | ᠡᠨᠡ ᠬᠦ ᠪᠠᠶᠠᠷ ᠤᠨ ᠮᠡᠳᠡᠭᠡ ᠳᠤ᠂ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ | ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠠᠭᠤᠳᠠᠮ᠂ ᠡᠨᠡ ᠨᠢ ᠵᠡᠭᠦᠨ ᠦᠵᠦᠮᠦᠴᠢᠨ ᠪᠣᠭᠤᠮᠲᠠ ᠶᠢᠨ ᠬᠢᠨ ᠡᠨᠡ | ᠵᠢᠯ ᠠᠴᠠ ᠨᠠᠰᠢ ᠵᠠᠰᠠᠮᠠᠯ ᠵᠠᠮ ᠤᠨ ᠪᠣᠭᠤᠮᠲᠠ ᠶᠢᠨ ︽ᠤᠶᠤᠨᠴᠢᠯᠠᠭᠰᠠᠨ︾ ᠬᠢᠯᠢ ᠠᠯᠤᠰᠯᠠᠭᠰᠠᠨ ᠲᠡᠭᠡᠭᠡᠪᠦᠷᠢ | ᠬᠢᠬᠦ ᠶᠢ ᠶᠡᠬᠡᠪᠡᠷ ᠳᠡᠮᠵᠢᠬᠦ᠂ ︽ᠳᠥᠷᠪᠡ ᠶᠢ ᠣᠷᠣᠭᠤᠯᠵᠤ ᠬᠤᠶᠠᠷ ᠢᠶᠠᠷ ᠭᠠᠷᠭᠠᠬᠤ︾ ᠰᠢᠨ᠎ᠡ ᠪᠠᠷᠠᠭᠠᠨ ᠤ | ᠲᠡᠭᠡᠭᠡᠪᠦᠷᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠲᠠᠢ ᠨᠢᠭᠲᠠ ᠬᠤᠯᠪᠣᠭ᠎ᠠ ᠲᠠᠢ | ᠶᠤᠮ ᠭᠡᠵᠦ ᠢᠯᠡᠷᠬᠡᠶᠢᠯᠡᠪᠡ᠃ | ᠠᠭᠤᠳᠠᠮ᠂ ᠡᠨᠡ ᠵᠢᠯ ᠠᠴᠠ ᠨᠠᠰᠢ᠂ ᠵᠡᠭᠦᠨ ᠦᠵᠦᠮᠦᠴᠢᠨ ᠪᠣᠭᠤᠮᠲᠠ ᠪᠠᠰᠠ ᠤᠯᠠᠨ ᠤᠯᠤᠰ ᠤᠨ | ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠬᠡᠪᠴᠢᠶ᠎ᠡ ᠪᠠᠨ ᠥᠷᠭᠡᠳᠬᠡᠵᠦ᠂ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠠᠵᠢᠯ ᠤᠨ ᠲᠠᠯᠠᠪᠤᠷ ᠤᠨ ᠲᠡᠰ ᠳᠡᠪᠰᠢᠬᠦ ᠳᠤ ᠬᠦᠴᠦᠨ ᠨᠡᠮᠡᠷᠢᠯᠡᠵᠦ᠂ ᠡᠳ᠋ ᠪᠠᠷᠠᠭᠠᠨ ᠤ | ᠲᠡᠭᠡᠭᠡᠪᠦᠷᠢ ᠳᠤ ᠪᠦᠬᠦ ᠲᠠᠯ᠎ᠠ ᠶᠢᠨ ᠪᠠᠲᠤᠯᠠᠭ᠎ᠠ ᠬᠠᠩᠭᠠᠪᠠ ᠭᠡᠵᠦ ᠢᠯᠡᠷᠬᠡᠶᠢᠯᠡᠪᠡ᠃ |