ᠦᠯᠵᠡᠶᠢᠲᠣ ᠡᠳᠣᠷ ᠤᠨ ᠪᠠᠶᠠᠷ ᠢᠶᠠᠨ ᠣᠳᠬ᠎ᠠ ᠲᠡᠭᠦᠯᠲᠡᠷ ᠪᠡᠯᠭᠡᠯᠡᠯ᠎ᠡ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 12 ᠤᠨ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ᠥᠩᠭᠡᠲᠦ ᠳ᠋ᠧᠩ ᠡᠯᠭᠦᠵᠦ᠂ ᠪᠠᠶᠠᠷ ᠬᠥᠷ ᠢᠶᠠᠷ ᠪᠢᠯᠬᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ ᠢᠶᠠᠨ ᠪᠡᠯᠭᠡᠯᠡᠬᠦ  ᠪᠠᠷ ᠭᠤᠤᠯ ᠰᠡᠳᠦᠪ ᠪᠣᠯᠭᠠᠭᠰᠠᠨ ᠨᠢᠭᠡ ᠤᠳᠠᠭᠠᠨ ᠤ ᠠᠵᠢᠯᠯᠠᠭ᠎ᠠ ᠪᠠᠨ ᠪᠠᠶᠠᠷ ᠪᠠᠶᠠᠰᠬᠤᠯᠠᠩ ᠤᠨ ᠳᠤᠮᠳᠠ ᠡᠬᠢᠯᠡᠭᠦᠯᠪᠡ  ᠃      ᠠᠵᠢᠯᠯᠠᠭᠠᠨ ᠳᠤ᠂ ᠣᠯᠠᠨ ᠢᠶᠠᠷ ᠢᠶᠠᠨ ᠠᠶᠢᠯ ᠭᠡᠷ ᠢᠶᠠᠷ ᠢᠶᠠᠨ ᠴᠤᠭᠯᠠᠷᠠᠬᠤ ᠶᠢ ᠪᠡᠯᠭᠡᠳᠡᠭᠰᠡᠨ ᠥᠯᠵᠡᠶᠢᠲᠦ ᠪᠦᠮᠪᠦᠭᠡᠯᠢᠭ ︵汤圆) ᠢ ᠠᠮᠲᠠᠯᠠᠬᠤ ᠶᠢᠨ ᠬᠠᠮᠲᠤ ᠰᠢᠨ᠎ᠡ ᠵᠢᠯ ᠤᠨ ᠲᠥᠯᠥᠪᠯᠡᠭᠡ ᠶᠢᠨ ᠲᠤᠬᠠᠢ ᠵᠣᠭᠤᠭᠳᠠᠵᠤ᠂ ᠰᠢᠨ᠎ᠡ ᠵᠢᠯ ᠤᠨ ᠡᠬᠢᠨ ᠤ ᠠᠵᠢᠯ ᠡᠬᠢᠯᠡᠬᠦ ᠤᠯᠠᠷᠢᠯ ᠳᠤ᠂ ᠨᠢᠭᠡ ᠰᠢᠷᠡᠭᠡ ᠥᠯᠵᠡᠶᠢᠲᠦ ᠬᠤᠭᠤᠯᠠ ᠨᠢ ᠴᠠᠭᠠᠨ ᠰᠠᠷ᠎ᠠ  ᠶᠢᠨ ᠪᠠᠶᠠᠷ ᠪᠠᠭ᠋ᠠᠳᠤᠯ ᠢ ᠦᠷᠭᠦᠯᠵᠢᠯᠡᠭᠦᠯᠵᠦ᠂ ᠪᠠᠰᠠ  ᠺᠠᠲᠠᠷ ᠠᠵᠢᠯᠲᠠᠨ  ᠤ ᠡᠷᠴᠢ ᠵᠣᠷᠢᠭ ᠪᠠ ᠠᠮᠢᠵᠢᠷᠠᠯ ᠤᠨ ᠬᠦᠴᠦᠨ ᠢ ᠨᠢᠭᠲᠠᠷᠠᠭᠤᠯᠵᠠᠢ᠃      ᠠᠵᠢᠯᠯᠠᠭᠠᠨ ᠳᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠡᠭᠡᠯᠵᠢᠯᠡᠨ ᠶᠠᠪᠤᠭᠳᠠᠪᠠ᠃ ᠣᠷᠭᠢᠯᠤᠮ᠎ᠠ ᠬᠠᠯᠠᠭᠤᠨ ᠰᠡᠳᠬᠢᠯᠭᠡ ᠲᠠᠢ ᠳᠠᠭᠤᠤ ᠨᠢ ᠲᠤᠬᠠᠢ ᠶᠢᠨ ᠲᠠᠯᠠᠪᠠᠢ ᠶᠢᠨ ᠬᠦᠮᠦᠰ ᠤᠨ ᠠᠯᠠᠭ᠎ᠠ ᠲᠠᠰᠢᠯᠲᠠ ᠶᠢ ᠬᠦᠷᠳᠡᠵᠦ᠂ ᠶᠦᠮᠦᠷᠯᠢᠭ ᠱᠣᠭᠲᠠᠶ ᠭᠤᠷᠪᠠᠨ ᠥᠭᠦᠯᠡᠪᠦᠷᠢ ᠬᠠᠭᠠᠰ ᠲᠣᠭᠯᠠᠯᠲᠠ ᠨᠢ ᠣᠯᠠᠨ ᠢ ᠡᠯᠢᠭᠡ ᠬᠥᠰᠢᠲᠡᠯ᠎ᠡ ᠢᠨᠢᠶᠡᠯᠭᠡᠪᠡ᠃ ᠲᠤᠬᠠᠶ ᠶᠢᠨ ᠲᠠᠯᠠᠪᠠᠶ ᠳᠤ ᠪᠠᠰᠠ ᠰᠣᠨᠢᠷᠬᠠᠯᠲᠠᠶ ᠣᠨᠢᠰᠤᠭ᠎ᠠ ᠡᠯᠭᠦᠵᠦ᠂ ᠣᠯᠠᠨ ᠤ ᠣᠷᠣᠯᠴᠠᠬᠤ ᠢᠳᠡᠪᠬᠢᠵᠢᠯ ᠢ ᠳᠠᠶᠢᠴᠢᠯᠠᠵᠦ᠂ ᠣᠨᠢᠰᠤᠭ᠎ᠠ ᠳᠠᠭᠠᠬᠤ ᠨᠢ ᠣᠯᠠᠨ ᠤ ᠣᠶᠤᠨ ᠤᠬᠠᠭᠠᠨ ᠢ ᠰᠢᠯᠭᠠᠭᠰᠠᠨ  ᠢᠶᠠᠷ ᠪᠠᠷᠠᠬᠤ ᠦᠭᠡᠢ᠂ ᠪᠠᠰᠠ ᠣᠯᠠᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃      ᠡᠨᠡ ᠤᠳᠠᠭᠠᠨ ᠤ  ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ ᠤᠨ ᠠᠵᠢᠯᠯᠠᠭ᠎ᠠ  ᠨᠢ ᠪᠠᠶᠠᠷ ᠤᠨ ᠡᠳᠦᠷ ᠤᠨ ᠴᠤᠭᠯᠠᠭᠠᠨ ᠪᠣᠯᠬᠤ ᠪᠠᠷ ᠪᠠᠷᠠᠬᠤ ᠥᠬᠡᠶ ᠨᠠᠩ ᠴᠤ ᠰᠡᠳᠬᠢᠯ ᠰᠠᠨᠠᠭᠠᠨ ᠤ ᠲᠠᠶᠢᠳᠬᠤᠷᠠᠭᠤᠯᠤᠯ ᠪᠣᠯᠵᠣ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ  ᠺᠠᠲᠠᠷ ᠠᠵᠢᠯᠲᠠᠨ ᠤ ᠭᠠᠵᠠᠷ ᠣᠷᠣᠨ ᠢ ᠠᠯᠤᠰᠯᠠᠭᠰᠠᠨ᠂ ᠪᠦᠯᠬᠦᠮᠳᠡᠨ ᠨᠢᠭᠡᠳᠦᠭᠰᠡᠨ ᠭᠦᠨ ᠵᠤᠵᠠᠭᠠᠨ ᠨᠥᠬᠦᠷᠯᠡᠯ ᠢ ᠭᠡᠷᠡᠴᠢᠯᠡᠭᠰᠡᠨ ᠪᠠᠶᠢᠨ᠎ᠠ᠃ ᠰᠢᠨ᠎ᠡ ᠨᠢᠭᠡᠨ ᠵᠢᠯ ᠳᠤ᠂ ᠲᠡᠳᠡ ᠭᠠᠷ ᠬᠤᠯᠪᠣᠨ ᠮᠥᠷᠥ ᠵᠡᠷᠭᠡᠴᠡᠵᠦ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠭᠠᠶᠢᠯᠢ ᠲᠠᠲᠠᠪᠤᠷᠢ ᠶᠢᠨ ᠦᠢᠯᠡᠰ ᠲᠤ ᠣᠷᠣᠯᠴᠠᠵᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠡᠮᠡᠴᠡᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号