ᠡᠨᠡ ᠵᠢᠯ ᠤᠨ 2 ᠰᠠᠷ᠎ᠠ ᠶᠢᠨ 12 ᠤᠨ ᠡᠳᠦᠷ ᠪᠣᠯ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ | ᠪᠠᠶᠠᠷ ᠤᠨ ᠡᠳᠦᠷ ᠪᠣᠯᠤᠨ᠎ᠠ᠂ ᠮᠠᠨ ᠤ ᠬᠤᠰᠢᠭᠤ ᠡᠯᠪᠡᠭ ᠪᠠᠶᠠᠯᠢᠭ ᠰᠣᠶᠣᠯ ᠤᠨ ᠰᠢᠷᠢᠰ ᠠᠵᠢᠯᠯᠠᠭ᠎ᠠ ᠥᠷᠨᠢᠭᠦᠯᠵᠦ᠂ | ᠮᠣᠭᠠᠶ ᠵᠢᠯ ᠤᠨ ᠴᠠᠭᠠᠨ ᠰᠠᠷ᠎ᠠ ᠳᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠶ ᠪᠣᠯᠭᠠᠪᠠ᠃ | ᠦᠳᠡ ᠶᠢᠨ ᠡᠮᠦᠨᠡᠬᠢ ᠠᠷᠪᠠᠨ ᠴᠠᠭ ᠲᠤ᠂ ᠵᠡᠭᠦᠨ ᠦᠵᠦᠮᠦᠴᠢᠨ ᠬᠤᠰᠢᠭᠤᠨ ᠤ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠨᠡᠶᠢᠭᠡᠮᠯᠢᠭ ᠤᠨ ᠭᠡᠰᠢᠭᠦᠳ ᠥᠩᠭᠡ ᠢᠯᠭᠠᠷᠠᠮ᠎ᠠ ᠤᠯᠠᠮᠵᠢᠯᠠᠯᠲᠤ ᠬᠤᠪᠴᠠᠰᠤ ᠵᠠᠰᠠᠯ ᠢᠶᠠᠨ | ᠡᠮᠦᠰᠴᠦ᠂ ᠲᠣᠯᠣᠭᠠᠶ ᠶᠢᠨ ᠵᠠᠰᠠᠯ ᠢᠶᠠᠨ ᠨᠠᠷᠢᠨ ᠨᠢᠮᠪᠠᠶ ᠤᠷᠠᠯᠠᠵᠤ᠂ ᠴᠤᠭ ᠵᠢᠪᠬᠤᠭ᠎ᠠ ᠲᠡᠭᠦᠯᠳᠡᠷ ᠪᠠᠶᠢᠯ᠎ᠠ᠃ ᠲᠠᠳᠠ | ᠬᠠᠷᠠᠩᠭ᠎ᠠ ᠬᠡᠩᠭᠡᠷᠭᠡ ᠶᠢᠨ ᠠᠶᠢᠵᠠᠮ ᠢ ᠳᠠᠭᠠᠵᠤ᠂ ᠬᠥᠳᠡᠯᠭᠡᠭᠡᠨ ᠨᠢᠭᠡᠪᠦᠷᠢ ᠨᠢ ᠴᠥᠮ ᠬᠦᠴᠦᠨ ᠴᠢᠳᠠᠯ ᠪᠠ ᠠᠶᠢᠵᠠᠮ | ᠬᠥᠭ ᠢᠶᠠᠷ ᠪᠢᠯᠬᠠᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠤᠨ ᠭᠡᠰᠢᠭᠦᠳ ᠤᠨ ᠴᠤᠭ | ᠵᠢᠪᠬᠤᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ | ᠪᠢᠯᠬᠠᠵᠤ᠂ ᠬᠥᠮᠦᠰ ᠲᠤ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠴᠠᠭ ᠮᠥᠴᠡ ᠳᠠᠬᠢ | ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠢᠵᠠᠭᠠᠯᠠᠰᠢ | ᠥᠬᠡᠶ ᠬᠦᠰᠡᠯ ᠡᠷᠡᠮᠡᠯᠵᠡᠯ ᠢ ᠮᠡᠳᠡᠷᠡᠭᠦᠯᠪᠡ᠃ | ᠣᠶᠢᠯᠠᠭᠠᠭᠰᠠᠨ ᠢᠶᠠᠷ᠂ ᠶᠠᠩᠭᠠᠷ ᠪᠥᠵᠢᠭ ᠪᠥᠵᠢᠭᠯᠡᠵᠦ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ | ᠪᠡᠯᠭᠡᠯᠡᠬᠦ ᠠᠴᠠ ᠭᠠᠳᠠᠨ᠎ᠠ᠂ ᠵᠡᠭᠦᠨ ᠦᠵᠦᠮᠦᠴᠢᠨ ᠬᠤᠰᠢᠭᠤ ᠪᠠᠰᠠ ᠬᠤᠰᠢᠭᠤᠨ ᠤ ᠨᠣᠮ ᠤᠨ ᠰᠠᠩ ᠪᠠ ᠮᠦᠽᠧᠶ | ᠳᠤ ᠲᠣᠰ ᠲᠣᠰ《 ᠳ᠋ᠧᠩ ᠤᠨ ᠬᠡᠷᠡᠯ ᠳᠤᠸᠠᠯᠠᠵᠤ ᠨᠣᠮ ᠤᠨ ᠪᠢᠴᠢᠭᠡᠰᠦ ᠡᠯᠭᠦᠨ ᠴᠠᠭᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠢ ᠪᠡᠯᠭᠡᠯᠡᠬᠦ 》ᠠᠵᠢᠯᠯᠠᠭ᠎ᠠ ᠪᠠ《 ᠲᠡᠦᠬᠡ ᠶᠢᠨ ᠳᠤᠷᠠᠰᠬᠠᠯᠲᠤ ᠵᠦᠶᠯᠡᠰ ᠢ ᠰᠣᠨᠢᠷᠬᠠᠵᠤ ᠴᠠᠭᠠᠨ | ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ 》ᠠᠵᠢᠯᠯᠠᠭ᠎ᠠ ᠥᠷᠨᠢᠭᠦᠯᠵᠦ᠂ ᠨᠠᠩ ᠴᠤ ᠬᠤᠶᠠᠷ ᠡᠳᠦᠷ ᠤᠨ | ᠬᠤᠭᠤᠴᠠᠭ᠎ᠠ ᠲᠠᠢ ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢ ᠵᠣᠬᠢᠶᠠᠨ | ᠪᠠᠶᠢᠭᠤᠯᠵᠤ ᠥᠷᠨᠢᠭᠦᠯᠪᠡ ᠃ ᠡᠲᠡᠭᠡᠷ ᠪᠠᠶᠠᠯᠢᠭ ᠰᠠᠶᠢᠬᠠᠨ ᠠᠵᠢᠯᠯᠠᠭ᠎ᠠ ᠨᠢ ᠵᠡᠭᠦᠨ ᠦᠵᠦᠮᠦᠴᠢᠨ ᠬᠤᠰᠢᠭᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠰᠣᠶᠣᠯ ᠤᠨ ᠦᠪᠡᠳᠡᠭᠰᠢ ᠨᠠᠶᠢᠷ ᠠᠪᠴᠢᠷᠠᠵᠤ ᠥᠭᠭᠦᠭᠰᠡᠨ ᠢᠶᠠᠷ | ᠪᠠᠷᠠᠬᠤ ᠥᠬᠡᠶ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠵᠦ᠂ ᠨᠠᠩ ᠴᠤ ᠵᠤᠭ᠎ᠠ ᠴᠡᠩᠭᠡᠯ | ᠤᠨ ᠳᠤᠮᠳᠠ ᠰᠣᠶᠣᠯ ᠤᠨ ᠤᠯᠠᠮᠵᠢᠯᠠᠯ ᠢ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠰᠣᠶᠣᠯ ᠤᠨ | ᠠᠮᠢᠳᠤᠷᠠᠯ ᠢ ᠨᠠᠩ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠲᠠᠢ ᠪᠣᠯᠭᠠᠵᠠᠶ᠃ |