1 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ 2024 ᠣᠨ ᠤ ᠥᠪᠥᠷ ᠮᠣᠩᠭᠤᠯ ᠤᠨ | ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠨᠡᠶᠢᠲᠡᠯᠡᠭᠰᠡᠨ ᠢᠶᠠᠷ᠄ 2024 ᠣᠨ ᠳᠤ ᠥᠪᠥᠷ ᠮᠣᠩᠭᠤᠯ ᠤᠨ ᠠᠵᠤ ᠠᠬᠤᠶ ᠲᠣᠭᠲᠠᠭᠤᠨ ᠤ ᠳᠤᠮᠳᠠ | ᠤᠷᠤᠭᠰᠢᠯᠠᠨ᠂ ᠥᠭᠡᠳᠡᠯᠡᠨ ᠰᠠᠶᠢᠵᠢᠷᠠᠬᠤ ᠬᠠᠨᠳᠤᠰᠢ ᠢᠯᠡᠷᠡᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ | ᠪᠠᠲᠤᠲᠠᠶ ᠠᠬᠢᠪᠠ᠃ ᠪᠥᠬᠦ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠶᠢᠨ 20 ᠳ᠋ᠤᠭᠠᠷ ᠲᠤ ᠬᠦᠷᠲᠡᠯ᠎ᠡ | ᠳᠡᠭᠡᠭᠰᠢᠯᠡᠵᠦ᠂ 5 ᠵᠢᠯ ᠥᠩᠭᠡᠷᠡᠭᠡᠳ ᠪᠥᠬᠦ ᠤᠯᠤᠰ ᠤᠨ ᠳᠤᠮᠳᠠ ᠲᠦᠪᠰᠢᠨ ᠳᠤ ᠳᠠᠬᠢᠨᠲᠠ ᠪᠤᠴᠠᠵᠤ᠂ ᠭᠤᠤᠯ | ᠪᠣᠯᠬᠤ ᠠᠵᠤ ᠠᠬᠤᠶ ᠶᠢᠨ ᠵᠢᠭᠠᠯᠲᠠ ᠲᠣᠭᠠᠨ ᠤ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠥᠬᠦ ᠤᠯᠤᠰ ᠤᠨ | ᠳᠤᠮᠳᠠᠴᠢ ᠠᠴᠠ ᠲᠦᠷᠭᠡᠨ ᠪᠣᠯᠵᠣ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠥᠩᠭᠡᠷᠡᠭᠰᠡᠨ ᠨᠢᠭᠡ ᠵᠢᠯ ᠳᠤ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠢᠳᠡᠪᠬᠢᠲᠡᠶ | ᠬᠤᠪᠢᠷᠠᠯᠲᠠ ᠶᠢ ︽ᠰᠠᠭᠤᠷᠢ ᠲᠣᠭᠲᠠᠭᠤᠨ᠂ ᠪᠠᠶᠢᠳᠠᠯ ᠰᠠᠶᠢᠨ᠂ ᠴᠢᠨᠠᠷ ᠰᠠᠶᠢᠲᠠᠢ᠂ ᠳᠠᠯᠳᠠ ᠬᠦᠴᠦᠨ ᠶᠡᠭᠡ︾ | ᠬᠡᠮᠡᠨ ᠬᠤᠷᠢᠶᠠᠩᠭᠤᠶᠢᠯᠠᠵᠤ ᠪᠣᠯᠤᠨ᠎ᠠ᠃ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠲᠠᠷᠢᠶᠠᠯᠠᠩ ᠮᠠᠯ | ᠠᠵᠤ ᠠᠬᠤᠶ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠴᠢᠬᠤᠯᠠ ᠡᠭᠦᠷᠭᠡ ᠡᠭᠦᠷᠭᠡᠯᠡᠬᠦ᠂ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠭᠦᠯᠬᠦ ᠶᠢ ᠠᠬᠢᠭᠤᠯᠬᠤ ᠶᠢ ᠦᠷᠭᠦᠯᠵᠢᠯᠡᠨ | ᠠᠬᠢᠭᠤᠯᠵᠤ᠂ ᠨᠢᠭᠡᠳᠦᠭᠡᠷ ᠠᠵᠤ ᠦᠢᠯᠡᠰ ᠢ ᠲᠣᠭᠲᠠᠭᠤᠨ ᠢᠶᠠᠷ ᠠᠵᠢᠯᠯᠠᠭᠤᠯᠬᠤ᠂ ᠬᠤᠶᠠᠳᠤᠭᠠᠷ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠵᠤ᠂ ᠭᠤᠷᠪᠠᠨ ᠠᠵᠤ ᠦᠢᠯᠡᠰ ᠤᠨ | GDP ᠤᠨ ᠨᠡᠮᠡᠭᠳᠡᠯ ᠳᠠᠬᠢ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 10.7%᠂ | 47.4% ᠪᠠ 41.9% ᠪᠣᠯᠪᠠ᠃ ᠡᠭᠦᠨ ᠠᠴᠠ ᠭᠠᠳᠠᠨ᠎ᠠ᠂ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠪᠠ ᠡᠨᠧᠷᠭᠢ ᠶᠢᠨ ᠦᠢᠯᠡᠳᠪᠦᠷᠢᠯᠡᠯ ᠴᠥᠮ ᠲᠣᠭᠲᠠᠭᠤᠨ ᠤ ᠳᠤᠮᠳᠠ ᠤᠷᠤᠭᠰᠢᠯᠠᠬᠤ | ᠪᠠᠶᠢᠳᠠᠯ ᠢᠶᠠᠨ ᠪᠠᠲᠤᠯᠠᠵᠤ᠂ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ ᠠᠩᠬ᠎ᠠ ᠤᠳᠠᠭ᠎ᠠ 800 | ᠳ᠋ᠦᠩᠰᠢᠭᠤᠷ ᠵᠢᠩ ᠳᠤ ᠬᠦᠷᠴᠦ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 300 ᠲᠦᠮᠡᠨ | ᠲᠣᠨ ᠢ ᠳᠠᠪᠠᠵᠤ᠂ ᠦᠬᠡᠷ ᠬᠤᠨᠢᠨ ᠤ ᠮᠢᠬ᠎ᠠ᠂ ᠰᠦᠨ ᠤ ᠭᠠᠷᠤᠯᠲᠠ ᠴᠥᠮ ᠪᠥᠬᠦ ᠤᠯᠤᠰ ᠤᠨ ᠨᠢᠭᠡᠳᠦᠭᠡᠷ ᠲᠤ | ᠣᠷᠣᠪᠠ᠃ ᠪᠥᠬᠦ ᠣᠷᠣᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ | ᠲᠦᠭᠦᠬᠡᠶ ᠨᠡᠭᠦᠷᠡᠰᠦᠨ ᠤ ᠭᠠᠷᠤᠯᠲᠠ ᠶᠢ ᠪᠥᠬᠦ ᠤᠯᠤᠰ ᠤᠨ ᠲᠡᠷᠢᠭᠦᠨ ᠳᠤ ᠬᠦᠷᠦᠭᠦᠯᠵᠦ᠂ ᠪᠥᠬᠦ ᠤᠯᠤᠰ ᠤᠨ 27. | 3% ᠶᠢ ᠡᠵᠡᠯᠡᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠭᠰᠡᠨ ᠬᠡᠮᠵᠢᠶ᠎ᠡ | ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃ ᠡᠨᠧᠷᠭᠢ ᠶᠢᠨ ᠠᠵᠤ ᠦᠢᠯᠡᠳᠪᠦᠷᠢ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠡᠮᠡᠭᠳᠡᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ | 51.8% ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠢ | ᠳᠠᠪᠠᠭ᠋ᠤ ᠶᠢ ᠠᠬᠢᠭᠤᠯᠤᠭᠰᠠᠨ ︽ᠭᠤᠣᠯ ᠬᠦᠴᠦᠨ︾ ᠪᠣᠯᠤᠭᠰᠠᠨ ᠪᠠᠶᠢᠨ᠎ᠠ᠃ | 2024 ᠣᠨ ᠳᠤ᠂ ᠣᠷᠣᠨ ᠳᠠᠶᠠᠭᠠᠷ ᠢᠶᠠᠨ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ | ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠦᠢᠯᠡᠰ ᠪᠠ ᠲᠦᠷᠦᠯ ᠵᠦᠢᠯ ᠢ ᠴᠥᠬᠦᠷᠡᠰᠢ ᠦᠭᠡᠢ ᠠᠳᠬᠤᠵᠤ᠂ | ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠤᠨ ᠬᠡᠷᠡᠭᠯᠡᠭᠡ ᠶᠢ ᠠᠬᠢᠭᠤᠯᠵᠤ᠂ ᠢᠯᠠᠩᠭᠤᠶ᠎ᠠ | ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ᠤᠯᠤᠰ ᠤᠨ | 44 ᠶᠠᠮᠤᠨ ᠵᠥᠪᠯᠡᠯ᠂ ᠨᠢᠭᠡᠴᠢ᠂ ᠠᠵᠤ ᠠᠬᠤᠶᠢᠯᠠᠯ ᠤᠳ ᠢ ᠠᠬᠢᠭᠤᠯᠵᠤ ᠪᠠᠶᠢᠭᠠᠳ 49 ᠢᠵᠢ ᠲᠥᠬᠦᠷ | ᠲᠦᠷᠦ ᠶᠢᠨ ᠪᠤᠳᠤᠯᠭ᠎ᠠ ᠲᠣᠭᠲᠠᠭᠠᠵᠤ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠰᠠᠶᠢᠨ ᠬᠠᠨᠳᠤᠰᠢ ᠪᠠᠨ | ᠪᠠᠲᠤᠯᠠᠪᠠ᠃ ᠪᠦᠬᠦ ᠣᠷᠣᠨ ᠤ ᠪᠡᠯᠡ ᠣᠷᠣᠭᠤᠯᠤᠯᠲᠠ ᠳᠡᠭᠡᠷ᠎ᠡ ᠵᠢᠯ ᠤᠨ 19.8% ᠶᠢᠨ ᠥᠨᠳᠥᠷ ᠰᠠᠭᠤᠷᠢᠲᠤ | ᠬᠤᠭᠤᠴᠠᠭᠠᠨ ᠤ ᠰᠠᠭᠤᠷᠢᠨ ᠳᠡᠭᠡᠷ᠎ᠡ ᠦᠷᠭᠦᠯᠵᠢᠯᠡᠨ 13.6% ᠪᠠᠷ ᠨᠡᠮᠡᠭᠳᠡᠵᠦ᠂ 3 ᠵᠢᠯ ᠳᠠᠷᠠᠭᠠᠯᠠᠨ ᠬᠤᠶᠠᠷ | ᠣᠷᠣᠨᠲᠤ ᠲᠣᠭᠠᠨ ᠤ ᠨᠡᠮᠡᠭᠳᠡᠯ ᠢ ᠪᠠᠲᠤᠯᠠᠵᠤ᠂ ᠪᠦᠬᠦ ᠤᠯᠤᠰ ᠤᠨ ᠬᠤᠶᠠᠳᠤᠭᠠᠷ ᠲᠤ ᠪᠠᠶᠢᠷᠢᠯᠠᠪᠠ᠃ ᠬᠡᠷᠡᠭᠯᠡᠭᠡᠨ ᠤ | ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠦᠷᠭᠦᠯᠵᠢᠯᠡᠨ | ᠢᠯᠡᠷᠡᠵᠦ᠂ ᠬᠡᠷᠡᠭᠯᠡᠭᠡ ᠶᠢ 300 ᠳ᠋ᠦᠩᠰᠢᠭᠤᠷ ᠲᠥᠭᠦᠷᠢᠭ ᠢᠶᠠᠷ ᠳᠠᠶᠢᠴᠢᠯᠠᠨ᠂ ᠨᠥᠬᠦᠪᠥᠷᠢ ᠪᠡᠯᠡ ᠮᠥᠩᠭᠦ ᠨᠢ | ᠵᠠᠭᠤᠨ ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ | ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭᠠᠨ ᠤ ᠨᠡᠮᠡᠭᠳᠡᠯ ᠤᠨ ᠬᠤᠷᠳᠤᠴᠠ ᠳᠤ ︽ᠥᠭᠰᠥᠬᠦ︾ ᠮᠤᠷᠤᠢ | ᠱᠤᠭᠤᠮ ᠢᠯᠡᠷᠡᠵᠦ᠂ 8 ᠰᠠᠷ᠎ᠠ ᠳᠠᠷᠠᠭᠠᠯᠠᠨ ᠲᠦᠷᠭᠡᠨ ᠬᠠᠨᠳᠤᠰᠢ ᠶᠢ ᠪᠠᠲᠤᠯᠠᠵᠤ᠂ 4 ᠰᠠᠷ᠎ᠠ ᠳᠠᠷᠠᠭᠠᠯᠠᠨ ᠪᠥᠬᠦ | ᠤᠯᠤᠰ ᠤᠨ ᠳᠤᠮᠳᠠᠴᠢ ᠨᠡᠮᠡᠭᠳᠡᠯ ᠬᠤᠷᠳᠤᠴᠠ ᠠᠴᠠ ᠲᠦᠷᠭᠡᠨ ᠪᠣᠯᠪᠠ᠃ | ︽ᠴᠢᠨᠠᠷ ᠰᠠᠶᠢᠲᠠᠶ︾ ᠪᠠᠶᠢᠬᠤ ᠨᠢ ᠭᠤᠤᠯᠳᠠᠭᠤ ᠡᠳᠡᠭᠡᠷ ᠲᠠᠯ᠎ᠠ ᠪᠠᠷ ᠢᠯᠡᠷᠡᠪᠡ᠂ ᠥᠩᠭᠡᠷᠡᠭᠰᠡᠨ ᠨᠢᠭᠡ | ᠵᠢᠯ ᠳᠤ ᠣᠷᠣᠨ ᠳᠠᠶᠠᠭᠠᠷ ᠢᠶᠠᠨ ᠴᠢᠨᠠᠷ ᠰᠠᠶᠢᠲᠠᠶ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢᠨ | ᠲᠣᠭᠤᠷᠢᠨ ᠳᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠳᠤ ᠳᠠᠪᠠᠭᠤᠯᠢᠭ ᠢᠶᠠᠨ ᠲᠠᠰᠤᠷᠠᠯᠲᠠ ᠥᠬᠡᠶ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠪᠥᠬᠦ | ᠲᠠᠯ᠎ᠠ ᠪᠠᠷ ᠴᠢᠨᠠᠷ ᠨᠠᠩ ᠰᠠᠶᠢᠵᠢᠷᠠᠬᠤ ᠶᠢ ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠤᠭᠰᠠᠨ ᠢᠶᠠᠷ᠂ ᠮᠠᠨ ᠤ ᠣᠷᠣᠨ ᠰᠦ ᠰᠠᠭᠠᠯᠢ ᠶᠢᠨ | ᠦᠢᠯᠡᠰ᠂ ᠬᠤᠪᠣᠷ ᠰᠢᠷᠣᠢ᠂ ᠤᠰᠤᠲᠥ᠋ᠷᠥᠭᠴᠢ᠂ ᠨᠥᠭᠡᠴᠡ ᠡᠨᠧᠷᠭᠢ ᠵᠡᠷᠭᠡ ᠣᠯᠠᠨ ᠬᠦᠷᠢᠶᠡᠨ ᠳᠤ ᠠᠵᠢᠯ | ᠲᠥᠷᠥᠯ ᠤᠨ ᠬᠤᠭᠤᠰᠣᠨ ᠢ ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠭᠠᠷᠭᠠᠵᠤ᠂ ᠣᠷᠣᠨ ᠪᠦᠰᠡ ᠶᠢᠨ | ᠰᠢᠨ᠎ᠡ ᠶᠢ ᠡᠭᠦᠳᠬᠦ ᠴᠢᠳᠠᠪᠤᠷᠢ ᠨᠢ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ 4 ᠪᠠᠶᠢᠷᠢ ᠳᠡᠭᠡᠭᠰᠢᠯᠡᠪᠡ᠃ | ᠡᠭᠦᠨ ᠠᠴᠠ ᠭᠠᠳᠠᠨ᠎ᠠ᠂ ᠠᠵᠤ ᠦᠢᠯᠡᠰ ᠤᠨ ᠪᠦᠲᠦᠴᠡ ᠴᠦ ᠲᠠᠰᠤᠷᠠᠯᠲᠠ ᠦᠭᠡᠢ ᠰᠢᠯᠢᠳᠡᠭᠵᠢᠪᠡ᠃ ᠪᠦᠬᠦ | ᠣᠷᠣᠨ ᠤ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 8. | 2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ 1.4 | ᠵᠠᠭᠤᠨ ᠤ ᠬᠤᠪᠢ ᠪᠠᠷ ᠲᠦᠷᠭᠡᠰᠪᠡ᠃ ᠦᠢᠯᠡᠳᠬᠦ ᠦᠢᠯᠡᠰ ᠤᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ | ᠪᠣᠬᠢᠷᠲᠤᠯ ᠦᠭᠡᠶᠢᠵᠢᠭᠦᠯᠬᠦ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠯᠬᠤᠴᠠ ᠲᠦᠷᠭᠡᠳᠴᠦ᠂ ᠮᠡᠳᠡᠭᠡ ᠵᠠᠩᠭᠢ ᠳᠠᠮᠵᠢᠭᠤᠯᠬᠤ᠂ | ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠴᠥᠮ ᠬᠤᠶᠠᠷ ᠣᠷᠣᠨᠲᠤ | ᠲᠤᠭ᠎ᠠ ᠪᠠᠷ ᠨᠡᠮᠡᠭᠳᠡᠬᠦ ᠶᠢ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ | ᠭᠦᠢᠴᠡᠳ ᠮᠥᠷᠲᠡᠭᠡᠨ ᠳᠠᠯᠳᠠ ᠬᠦᠴᠦᠨ ᠯᠤᠲᠤ ᠶᠡᠭᠡ ᠪᠠᠶᠢᠵᠤ᠂ ᠦᠰᠦᠨ ᠪᠤᠶᠢᠵᠢᠬᠤ ᠳᠠᠯᠳᠠ ᠬᠦᠴᠦᠨ ᠲᠠᠢ᠂ | ᠬᠥᠭᠵᠢᠯᠲᠡ ᠶᠢᠨ ᠰᠡᠯᠭᠦᠬᠦ ᠬᠦᠴᠦᠨ ᠲᠠᠢ ᠠᠵᠤ ᠦᠢᠯᠡᠰ ᠤᠳ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃ | 2024 ᠣᠨ ᠳᠤ᠂ ᠥᠪᠥᠷ ᠮᠣᠩᠭᠤᠯ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠨᠢ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ | ᠪᠦᠯᠦᠭᠵᠢᠯ ᠳᠤ ᠰᠣᠩᠭᠤᠭᠳᠠᠵᠤ᠂ ᠬᠡᠪᠴᠢᠶᠡᠵᠢᠯ ᠠᠴᠠ ᠳᠡᠭᠡᠭᠰᠢᠬᠢ ᠬᠤᠪᠣᠷ ᠰᠢᠷᠣᠢ ᠶᠢᠨ ᠠᠵᠤ ᠦᠢᠯᠡᠰ ᠤᠨ | ᠨᠡᠮᠡᠭᠳᠡᠯ ᠦᠷᠳᠡᠭ ᠳᠡᠭᠡᠷ᠎ᠡ ᠵᠢᠯ ᠤᠨ ᠬᠢ ᠠᠴᠠ 39.9% ᠪᠠᠷ ᠨᠡᠮᠡᠭᠳᠡᠵᠦ᠂ ᠤᠳᠤ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 7.8% ᠪᠠᠷ ᠨᠡᠮᠡᠭᠳᠡᠪᠡ᠃ ᠣᠨᠴᠠᠭᠠᠶᠢᠯᠠᠨ | ᠠᠩᠬᠠᠷᠤᠭᠤᠰᠢᠲᠠᠢ ᠨᠢ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠃ ᠪᠦᠬᠦ ᠣᠷᠣᠨ ᠤ ᠳᠡᠭᠡᠳᠦ ᠳᠣᠣᠷᠠᠳᠤ | ᠱᠠᠲᠤ ᠪᠠᠷ ᠢᠶᠠᠨ ︽ᠬᠤᠶᠠᠷ ᠢ ᠤᠷᠢᠳᠴᠢᠯᠠᠭᠤᠯᠬᠤ᠂ ᠬᠤᠶᠠᠷ ᠢ ᠳᠠᠪᠠᠭᠤᠯᠬᠤ︾᠂ ᠰᠢᠨ᠎ᠡ ᠡᠨᠧᠷᠭᠢ ᠶᠢᠨ | ᠬᠦᠷᠢᠶᠡᠨ ᠳᠤ ︽ᠠᠵᠤ ᠦᠢᠯᠡᠳᠪᠦᠷᠢ ᠳᠤ ᠰᠠᠭᠤᠷᠢᠯᠠᠭᠰᠠᠨ ᠥᠪᠥᠷ ᠮᠣᠩᠭᠤᠯ ᠢ ᠪᠣᠰᠬᠠᠬᠤ︾ ᠬᠠᠷᠠᠯᠲᠠ ᠶᠢᠨ | ᠲᠣᠭᠤᠷᠢᠨ ᠳᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠶᠡᠭᠡ ᠪᠠᠷ ᠪᠠᠶᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠦᠷᠳᠡᠭ | ᠳᠡᠭᠡᠷ᠎ᠡ ᠵᠢᠯ ᠤᠨ ᠬᠢ ᠠᠴᠠ 20.1% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ 42.4% ᠪᠠᠷ ᠨᠡᠮᠡᠭᠳᠡᠪᠡ᠃ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ | ᠬᠦᠷᠢᠶᠡᠨ ᠳᠠᠬᠢ ᠣᠯᠠᠨ ᠵᠦᠢᠯ ᠤᠨ ᠵᠢᠭᠠᠯᠲᠠ ᠲᠤᠭ᠎ᠠ ᠪᠦᠬᠦ ᠤᠯᠤᠰ ᠲᠤ ᠲᠡᠷᠢᠭᠦᠯᠡᠵᠦ᠂ ᠰᠢᠨ᠎ᠡ ᠰᠢᠪᠲᠤᠯᠤᠯᠲᠠ ᠶᠢ | ᠪᠡᠶᠡᠯᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠵᠢᠴᠢ ᠵᠢᠯ ᠤᠨ ᠳᠣᠲᠣᠷ᠎ᠠ | ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠴᠥᠮ | ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠪᠥᠬᠦ ᠤᠯᠤᠰ ᠲᠠᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1 ᠳ᠋ᠦᠩᠰᠢᠭᠤᠷ ᠺᠢᠯᠣᠸᠠᠲ ᠢ ᠠᠩᠬ᠎ᠠ ᠳᠠᠪᠠᠭᠰᠠᠨ ᠮᠤᠵᠢ ᠣᠷᠣᠨ | ᠪᠣᠯᠵᠣ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠠᠴᠠ ᠨᠢᠭᠡ ᠵᠢᠯ ᠤᠷᠢᠳᠴᠢᠯᠠᠨ | ᠳᠠᠪᠠᠵᠤ᠂ ᠪᠣᠬᠢᠷᠲᠤᠯ ᠥᠬᠡᠶ ᠴᠠᠬᠢᠯᠭᠠᠨ ᠠᠷᠠᠯᠵᠢᠶᠠᠯᠠᠭᠰᠠᠨ ᠬᠡᠪᠴᠢᠶᠡᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ | ᠣᠷᠣᠪᠠ᠃ |