ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ | ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ | ᠬᠤᠯᠪᠣᠭᠳᠠᠵᠤ ᠪᠠᠶᠢᠳᠠᠭ᠃ ᠮᠠᠨ ᠤ ᠬᠤᠰᠢᠭᠤ 《ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ 》ᠰᠤᠷᠭᠠᠨ | ᠬᠥᠮᠦᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ《 ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ | ᠤᠨ ᠡᠳᠦᠷ ᠪᠦᠷᠢ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ | ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ 》 ᠤᠨ ᠵᠣᠷᠢᠭ ᠰᠠᠨᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ | ᠰᠤᠷᠤᠭᠴᠢ ᠨᠢᠭᠡᠪᠦᠷᠢ ᠶᠢ ᠬᠥᠳᠡᠯᠭᠡᠭᠡᠨ ᠤ ᠳᠤᠮᠳᠠ ᠪᠠᠶᠠᠷ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠣᠳ ᠢ ᠨᠢ | ᠴᠢᠭᠢᠷᠠᠭᠵᠢᠭᠤᠯᠵᠤ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠤᠨ᠎ᠠ᠃ | 《 ᠮᠡᠳᠡᠭᠳᠡᠯ 》 ᠳᠤ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ᠡᠳᠦᠷ ᠪᠦᠷᠢ ᠨᠢᠭᠡ ᠤᠳᠠᠭᠠᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠲᠤᠬᠢᠷᠠᠭᠤᠯᠵᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠭᠠᠷᠠᠭ ᠪᠦᠷᠢ ᠬᠤᠶᠠᠷ ᠤᠳᠠᠭᠠᠨ ᠤ ᠪᠡᠶ᠎ᠡ ᠶᠢᠨ | ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠲᠤᠬᠢᠷᠠᠭᠤᠯᠬᠤ ᠶᠢᠨ ᠬᠠᠮᠲᠤ᠂ ᠶᠠᠮᠠᠷᠪᠠ ᠬᠡᠯᠪᠡᠷᠢ ᠪᠠᠷ ᠰᠢᠬᠠᠨ | ᠡᠵᠡᠯᠡᠬᠦ ᠶᠢ ᠴᠢᠩᠭ᠎ᠠ ᠴᠠᠭᠠᠵᠠᠯᠠᠵᠤ᠂ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ | ᠤᠨ ᠬᠥᠳᠡᠯᠭᠡᠭᠡᠨ ᠤ ᠴᠠᠭ ᠢ 2 ᠴᠠᠭ ᠲᠤ ᠬᠦᠷᠭᠡᠬᠦ ᠶᠢ ᠦᠨᠡᠨ ᠬᠦ ᠪᠠᠲᠤᠯᠠᠨ᠎ᠠ ᠭᠡᠵᠡᠢ ᠃ | ᠡᠨᠡ ᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ | ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠳᠤᠮᠳᠠᠳᠤ ᠪᠠᠭ᠎ᠠ | ᠰᠤᠷᠭᠠᠭᠤᠯᠢ ᠶᠢ ᠬᠢᠨᠠᠨ ᠵᠢᠯᠣᠭᠤᠳᠴᠤ ᠪᠠᠶᠢᠭᠠᠳ ᠬᠢᠴᠢᠶᠡᠯ ᠤᠨ ᠲᠣᠬᠢᠷᠠᠭᠤᠯᠤᠯᠲᠠ ᠶᠢᠨ ᠰᠢᠨ᠎ᠡ ᠶᠢ ᠡᠭᠦᠳᠬᠦ᠂ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠵᠡᠷᠭᠡ ᠣᠯᠠᠨ ᠵᠦᠶᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠪᠡ᠃ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠬᠠᠨ ᠯᠢ | ᠬᠤᠸᠠ ᠲᠠᠨᠢᠯᠴᠠᠭᠤᠯᠬᠤ ᠳᠠᠭᠠᠨ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠨᠢ ᠡᠩ ᠤᠨ ᠦᠳᠡ ᠶᠢᠨ | ᠡᠮᠦᠨᠡᠬᠢ 30 ᠮᠢᠨᠦ᠋ᠲ ᠤᠨ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠰᠠᠭᠤᠷᠢᠨ ᠳᠡᠭᠡᠷ᠎ᠡ᠂ ᠦᠳᠡ ᠶᠢᠨ ᠬᠤᠶᠢᠨᠠᠬᠢ | 20 ᠮᠢᠨᠦ᠋ᠲ ᠤᠨ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ 30 ᠮᠢᠨᠦ᠋ᠲ ᠪᠣᠯᠭᠠᠨ ᠤᠷᠲᠤᠳᠬᠠᠬᠤ ᠶᠢᠨ | ᠬᠠᠮᠲᠤ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ᠂ ᠤᠯᠠᠮᠵᠢᠯᠠᠯ ᠪᠠ | ᠣᠲᠣ ᠦᠶ᠎ᠡ ᠶᠢ ᠤᠶᠠᠯᠳᠤᠭᠤᠯᠤᠭᠰᠠᠨ ᠣᠯᠠᠨ ᠬᠡᠯᠪᠡᠷᠢ ᠶᠢᠨ ᠬᠥᠳᠡᠯᠭᠡᠭᠡᠨ ᠲᠤᠬᠢᠷᠠᠭᠤᠯᠵᠠᠢ᠃ ᠡᠭᠦᠨ ᠠᠴᠠ | ᠭᠠᠳᠠᠨ᠎ᠠ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠴᠠᠭ ᠲᠤ ᠪᠠᠰᠠ ᠡᠯ᠎ᠡ ᠣᠨᠴᠠᠯᠢᠭᠲᠤ ᠨᠡᠶᠢᠭᠡᠮ ᠤᠨ ᠪᠦᠯᠬᠦᠮ | ᠤᠨ ᠠᠵᠢᠯᠯᠠᠭ᠎ᠠ ᠲᠤᠬᠢᠷᠠᠭᠤᠯᠬᠤ ᠪᠠᠷ ᠳᠠᠮᠵᠢᠭᠤᠯᠤᠨ᠂ ᠰᠣᠷᠣᠭᠴᠢᠠᠳ ᠤᠨ ᠡᠳᠦᠷ ᠪᠦᠷᠢ ᠶᠢᠨ ᠲᠠᠮᠢᠷ ᠤᠨ | ᠬᠦᠳᠡᠯᠭᠡᠭᠡᠨ ᠤ ᠴᠠᠭ ᠢ ᠬᠤᠶᠠᠷ ᠴᠠᠭ ᠠᠴᠠ ᠣᠬᠤᠷ ᠪᠠᠶᠢᠯᠭᠠᠬᠤ ᠦᠭᠡᠢ ᠶᠢ ᠪᠠᠲᠤᠯᠠᠨ᠎ᠠ ᠭᠡᠵᠡᠢ᠃ | ᠦᠢᠯᠠᠭᠠᠭᠰᠠᠨ ᠢᠶᠠᠷ᠂ ᠲᠠᠮᠢᠷ ᠤᠨ ᠪᠠᠭᠰᠢ ᠠᠴᠠ ᠰᠤᠷᠤᠭᠴᠢᠳ ᠤᠨ ᠨᠠᠰᠤ ᠪᠠ ᠪᠡᠶ᠎ᠡ ᠮᠠᠬᠠᠪᠣᠳ ᠤᠨ | ᠣᠨᠴᠠᠯᠢᠭ ᠢ ᠦᠨᠳᠦᠰᠦᠯᠡᠨ᠂ ᠵᠢᠭᠠᠨ ᠰᠤᠷᠭᠠᠬᠤ ᠠᠭᠤᠯᠭ᠎ᠠ ᠪᠠᠨ ᠨᠠᠷᠢᠨ ᠨᠢᠮᠪᠠᠶ ᠲᠥᠯᠥᠪᠯᠡᠵᠦ᠂ ᠰᠤᠷᠤᠭᠴᠢᠳ ᠢ | ᠪᠥᠮᠪᠥᠭᠡᠨ ᠤ ᠲᠥᠷᠥᠯ᠂ ᠰᠤᠷ ᠬᠠᠷᠪᠤᠬᠤ᠂ ᠪᠥᠬᠡ ᠪᠠᠷᠢᠯᠳᠤᠬᠤ᠂ ᠬᠦᠨᠳᠦ ᠬᠥᠩᠭᠡᠨ ᠲᠠᠮᠢᠷ ᠤᠨ ᠤᠷᠤᠯᠳᠤᠭᠠᠨ | ᠵᠡᠷᠭᠡ ᠠᠴᠠ ᠥᠪᠡᠷ ᠤᠨ ᠳᠤᠷ᠎ᠠ ᠰᠣᠨᠢᠷᠬᠠᠯ ᠲᠠᠢ ᠲᠦᠷᠦᠯ ᠵᠦᠢᠯ ᠢ ᠨᠢ ᠰᠣᠩᠭᠤᠭᠤᠯᠬᠤ ᠪᠠᠷ ᠳᠠᠮᠵᠢᠨ᠂ | ᠲᠡᠳᠡᠨᠠᠷ ᠤᠨ ᠲᠠᠮᠢᠷ ᠤᠨ ᠬᠢᠴᠢᠶᠡᠯ ᠣᠷᠣᠬᠤ ᠬᠠᠯᠠᠭᠤᠨ ᠰᠡᠳᠬᠢᠯᠭᠡ ᠶᠢ ᠨᠢ ᠬᠦᠭᠵᠢᠭᠡᠵᠦ᠂ ᠡᠭᠦᠨ ᠤ ᠤᠯᠠᠮ ᠢᠶᠠᠷ | ᠰᠤᠷᠤᠭᠴᠢᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠪᠦᠬᠦ ᠲᠠᠯ᠎ᠠ ᠪᠠᠷ ᠬᠥᠭᠵᠢᠭᠦᠯᠬᠦ ᠵᠤᠷᠢᠯᠭ᠎ᠠ ᠳᠤ | ᠬᠦᠷᠬᠦ ᠪᠤᠯᠤᠨ᠎ᠠ᠃ | ᠣᠳᠣᠬᠠᠨ ᠳᠤ᠂ ᠪᠥᠬᠦ ᠬᠤᠰᠢᠭᠤᠨ ᠤ 8 ᠳᠤᠮᠳᠠᠳᠤ ᠪᠠᠭ᠎ᠠ ᠰᠤᠷᠭᠠᠭᠤᠯᠢ ᠠᠴᠠ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠪᠥᠬᠦ ᠲᠠᠯ᠎ᠠ ᠪᠠᠷ ᠦᠷᠨᠢᠭᠦᠯᠵᠦ᠂ 7000 ᠭᠠᠷᠤᠶ ᠰᠣᠷᠣᠭᠴᠢ ᠳᠤ ᠠᠰᠢᠭ ᠬᠦᠷᠲᠡᠭᠡᠵᠦ᠂ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠠᠬᠢ ᠰᠤᠷᠤᠭᠴᠢᠳ ᠤᠨ ᠠᠮᠢᠵᠢᠷᠠᠯ ᠤᠨ ᠬᠦᠴᠦᠨ | ᠪᠢᠯᠬᠠᠭᠰᠠᠨ ᠪᠠᠷ᠎ᠠ ᠰᠡᠭᠦᠳᠡᠷ ᠨᠢ ᠰᠤᠷᠭᠠᠭᠤᠯᠢ ᠶᠢᠨ ᠬᠦᠷᠢᠶᠡᠨ ᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ | ᠣᠷᠣᠨ ᠪᠣᠯᠤᠭᠰᠠᠨ ᠪᠠᠶᠢᠨ᠎ᠠ ᠃ |