ᠪᠦᠬᠦ ᠬᠤᠰᠢᠭᠤᠨ ᠤ ᠡᠮᠡᠭᠲᠡᠶ ᠠᠵᠢᠯᠲᠠᠨ ᠤ ᠳᠡᠭᠡᠰᠦ ᠲᠠᠲᠠᠬᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/3/11
      115 ᠳ᠋ᠤᠭᠠᠷ《 3·8 》 ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠡᠮᠡᠭᠲᠡᠶ ᠠᠵᠢᠯᠲᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 4  ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ        《 ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ᠂ ᠡᠮᠡᠭᠲᠡᠶ ᠠᠵᠢᠯᠲᠠᠨ ᠤ ᠴᠤᠭ ᠵᠢᠪᠬᠤᠭ᠎ᠠ ᠶᠢ ᠪᠠᠳᠠᠷᠠᠭᠤᠯᠤᠶ᠎ᠠ 》ᠪᠥᠬᠦ ᠬᠤᠰᠢᠭᠤᠨ ᠤ ᠡᠮᠡᠭᠲᠡᠶ ᠠᠵᠢᠯᠲᠠᠨ ᠤ ᠳᠡᠭᠡᠰᠦ ᠲᠠᠲᠠᠬᠤ ᠤᠷᠤᠯᠳᠤᠭᠠᠨ ᠬᠤᠰᠢᠭᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠪᠦᠬᠦ ᠬᠤᠰᠢᠭᠤᠨ ᠤ 20 ᠲᠥᠯᠥᠭᠡᠯᠡᠭᠴᠢᠳ ᠤᠨ ᠠᠩᠭᠢ᠂ 200 ᠡᠮᠡᠭᠲᠡᠶ ᠠᠵᠢᠯᠲᠠᠨ ᠤᠷᠤᠯᠳᠤᠭᠠᠨ ᠳᠤ ᠣᠷᠣᠯᠴᠠᠪᠠ᠃      ᠬᠢᠨᠠᠭᠴᠢ ᠶᠢᠨ ᠱᠦᠭᠯᠦ ᠶᠢᠨ ᠳᠠᠭᠤᠨ ᠳᠣᠣᠭᠠᠷᠬᠤ ᠢ ᠳᠠᠭᠠᠯᠳᠤᠨ ᠤᠷᠤᠯᠳᠤᠭᠠᠨ ᠵᠢᠩᠬᠢᠨᠢ ᠪᠠᠷ ᠡᠬᠢᠯᠡᠵᠦ᠂ ᠤᠷᠤᠯᠳᠤᠭᠠᠨ ᠳᠤ ᠣᠷᠣᠯᠴᠠᠭᠰᠠᠳ ᠬᠤᠶᠠᠷ ᠭᠠᠷ ᠢᠶᠠᠷ ᠢᠶᠠᠨ ᠤᠷᠲᠤ ᠳᠡᠭᠡᠰᠦ ᠶᠢ ᠴᠢᠩᠭ᠎ᠠ ᠠᠳᠬᠤᠵᠤ᠂ ᠡᠷᠴᠢ ᠵᠣᠷᠢᠭ ᠢᠶᠠᠨ ᠬᠥᠪᠴᠢᠯᠡᠨ᠂ ᠪᠡᠶ᠎ᠡ ᠭᠡᠳᠡᠶᠢᠨ᠂ ᠪᠦᠬᠦ ᠬᠦᠴᠦᠨ ᠢᠶᠠᠷ ᠢᠶᠠᠨ ᠲᠡᠮᠡᠴᠡᠨ᠎ᠡ᠃ ᠤᠯᠠᠭᠠᠨ ᠦᠩᠭᠡ ᠶᠢᠨ ᠲᠡᠮᠳᠡᠭ ᠨᠢ ᠳᠡᠭᠡᠰᠦ ᠶᠢᠨ ᠳᠤᠮᠳᠠ ᠱᠤᠭᠤᠮ ᠤᠨ ᠬᠤᠶᠠᠷ ᠬᠠᠵᠠᠭᠤ ᠪᠠᠷ ᠨᠠᠭᠠᠰᠢ ᠴᠠᠭᠠᠰᠢ ᠬᠤᠯᠬᠢᠵᠤ᠂ ᠤᠷᠢᠶ᠎ᠠ ᠬᠠᠰᠬᠢᠷᠬᠤ ᠳᠠᠭᠤᠨ ᠨᠢ ᠪᠦᠬᠦ ᠲᠠᠯᠠᠪᠠᠢ ᠳᠤ ᠴᠤᠤᠷᠢᠶᠠᠲᠤᠵᠤ᠂ ᠤᠷᠤᠯᠳᠤᠭᠠᠨ ᠢ ᠣᠷᠭᠢᠯ ᠳᠤ ᠨᠢ ᠬᠦᠷᠭᠡᠵᠦ ᠪᠠᠶᠢᠯ᠎ᠠ  ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠨᠡᠷᠡᠰ ᠲᠤ ᠣᠷᠣᠵᠤ᠂ ᠬᠤᠰᠢᠭᠤ ᠨᠢᠭᠡᠳᠦᠭᠡᠷ ᠬᠡᠦᠬᠡᠳ ᠤᠨ ᠴᠡᠴᠡᠷᠯᠢᠭ ᠪᠠ ᠨᠡᠭᠦᠳᠡᠯ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠲᠣᠰ ᠲᠣᠰ ᠬᠤᠶᠠᠳᠤᠭᠠᠷ᠂ ᠭᠤᠷᠪᠠᠳᠤᠭᠠᠷ ᠨᠡᠷᠡᠰ ᠲᠤ ᠣᠷᠣᠵᠠᠶ  ᠃      ᠲᠣᠰ ᠤᠳᠠᠭᠠᠨ ᠤ ᠳᠡᠭᠡᠰᠦ ᠲᠠᠲᠠᠬᠤ ᠤᠷᠤᠯᠳᠤᠭᠠᠨ ᠨᠢ ᠡᠮᠡᠭᠲᠡᠶ ᠠᠵᠢᠯᠲᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠪᠦᠯᠬᠦᠮᠳᠡᠨ ᠬᠠᠮᠵᠢᠯᠴᠠᠬᠤ᠂ ᠨᠤᠭᠤᠷᠠᠰᠢ ᠥᠬᠡᠶ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠤᠷᠤᠯᠳᠤᠭᠠᠨ ᠳᠤ ᠣᠷᠣᠯᠴᠠᠭᠰᠠᠳ ᠠᠴᠠ ᠢᠯᠡᠷᠬᠡᠶᠢᠯᠡᠬᠦ ᠳᠡᠭᠡᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠤ  ᠪᠠᠨ ᠣᠷᠣᠯᠴᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠳᠤ ᠨᠠᠩ ᠣᠯᠠᠨ ᠡᠮᠡᠭᠲᠡᠶᠢᠴᠦᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠡᠷᠭᠦᠨ᠎ᠡ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号