3 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠤ ᠢᠦᠶ ᠯᠦᠩ ᠪᠥᠬᠦ | ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠵᠢᠴᠢ ᠬᠤᠰᠢᠭᠤ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2025 ᠣᠨ ᠤ ᠬᠤᠶᠠᠳᠤᠭᠠᠷ ᠤᠳᠠᠭᠠᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠠ | ᠠᠶᠤᠯᠭᠦᠶ ᠦᠢᠯᠡᠳᠪᠦᠷᠢᠯᠡᠯ ᠤᠨ ᠬᠦᠷᠢᠶᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠢ | ᠱᠠᠲᠤᠨ ᠤ ᠵᠠᠬᠢᠳᠠᠯ ᠰᠤᠷᠪᠤᠯᠵᠢᠯᠠᠭ᠎ᠠ ᠪᠠ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠭᠤᠤᠯᠳᠠᠯᠭ᠎ᠠ ᠲᠠᠢ | ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ︽ᠬᠤᠶᠠᠷ ᠢ ᠲᠤᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠨ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ | ᠤᠯᠤᠰ ᠲᠥᠷᠥ ᠶᠢᠨ ᠦᠨᠳᠦᠷᠴᠡ ᠶᠢ ᠡᠷᠡᠰ ᠪᠠᠷᠢᠮᠳᠠᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ | ᠲᠥᠷᠥ ᠶᠢᠨ ᠡᠭᠦᠷᠭᠡᠯᠡᠯ ᠂ ᠪᠤᠰᠢᠭᠤ ᠱᠠᠯᠠᠮᠠᠭᠠᠶ ᠠᠵᠢᠯ ᠤᠨ ᠰᠤᠷᠲᠠᠯ᠂ ᠥᠴᠦᠬᠡᠨ ᠴᠦ ᠠᠯᠳᠠᠰᠢ ᠭᠠᠷᠭᠠᠬᠤ ᠦᠭᠡᠢ | ᠪᠠᠶᠢᠬᠤ ᠠᠵᠢᠯ ᠤᠨ ᠪᠠᠷᠢᠮᠵᠢᠶ᠎ᠠ ᠪᠠᠷ ᠵᠠᠬᠢᠳᠠᠯ ᠰᠤᠷᠪᠤᠯᠵᠢᠯᠠᠭ᠎ᠠ ᠪᠠ ᠠᠶᠤᠯᠭᠦᠶ ᠦᠢᠯᠡᠳᠪᠦᠷᠢᠯᠡᠯ ᠤᠨ ᠡᠯ᠎ᠡ ᠵᠤᠶᠢᠯ ᠤᠨ | ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ | ᠪᠤᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠤᠭᠦᠯᠦᠨ᠂ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ᠂ ᠠᠮᠤᠷ ᠢ ᠬᠠᠮᠠᠭᠠᠯᠠᠬᠤ ᠪᠦᠬᠦᠯᠢ | ᠴᠣᠭᠴᠠ ᠶᠢᠨ ᠰᠡᠷᠭᠡᠶᠢᠯᠡᠯᠲᠡ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ | ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠦᠨᠳᠦᠰᠦᠨ ᠱᠠᠲᠤᠨ ᠤ ᠵᠠᠰᠠᠯᠲᠠ᠂ | ᠠᠶᠤᠯᠭᠦᠶ ᠦᠢᠯᠡᠳᠪᠦᠷᠢᠯᠡᠯ᠂ ᠵᠢᠵᠢᠭᠦᠷᠯᠡᠬᠦ ᠵᠡᠷᠭᠡ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠪᠣᠳᠠᠲᠠᠢ | ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠪᠥᠬᠦ ᠬᠤᠰᠢᠭᠤᠨ ᠤ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ | ᠣᠯᠠᠨ ᠤ ᠵᠤᠯ ᠵᠢᠷᠭᠠᠯᠲᠦ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠠᠢ ᠭᠡᠵᠡᠢ᠃ | ᠬᠤᠰᠢᠭᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ | ᠠᠷᠠᠳ ᠤᠨ ᠰᠢᠭᠦᠬᠦ ᠬᠤᠷᠢᠶ᠎ᠠ᠂ ᠠᠮᠤᠷ ᠲᠦᠪᠰᠢᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ᠂ ᠡᠯ᠎ᠡ ᠰᠤᠮᠤ | ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ | ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠂ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠨᠦᠬᠦᠳ | ᠬᠤᠷᠠᠯ ᠳᠤ ᠣᠷᠣᠯᠴᠠᠪᠠ᠃ |